Jump to content
Үндсэн цэс
Үндсэн цэс
хажуугийн цэсэнд шилжүүлэх
хумих
Залуурдагч
Нүүр хуудас
Сүүлийн өөрчлөлтүүд
Санамсаргүй хуудас
Help about MediaWiki
Wikibilig
Хайлт
Хайх
Бүртгүүлэх
Нэвтрэх
Өөрийн багаж хэрэгслүүд
Бүртгүүлэх
Нэвтрэх
Pages for logged out editors
learn more
Оруулсан хувь нэмэр
Хэлэлцүүлэг
Засварлах:
ᠡᠭ ᠊ᠦᠨ ᠭᠣᠣᠯ ᠊ᠤᠨ ᠤᠰᠤᠨ ᠴᠠᠬᠢᠯᠭᠠᠨ ᠰᠲ᠋ᠠᠨᠼ ᠲᠥᠰᠦᠯ
(хэсэгчилэн)
Хуудас
Хэлэлцүүлэг
монгол
Унших
Засварлах
Кодоор засварлах
Түүх
Хэрэглүүр
Хэрэглүүр
хажуугийн цэсэнд шилжүүлэх
хумих
Үйлдэл
Унших
Засварлах
Кодоор засварлах
Түүх
Ерөнхий
Энд холбогдсон хуудас
Өөрчлөгдчихсөн эсэх
Тусгай хуудсууд
Хуудасны мэдээлэл
Анхаар:
Та нэвтрээгүй байгаа тул ямарваа засвар хийвэл таны IP хаяг нийтэд ил харагдана.
Нэвтэрч орох
эсвэл
шинээр бүртгүүлвэл
таны оруулсан засварууд таны нэр доор бүртгэгддэг давуу талтай.
Anti-spam check. Do
not
fill this in!
=ᠠᠴᠢ ᠬᠣᠯᠪᠣᠭᠳᠠᠯ= ᠤᠰᠤᠨ ᠤ ᠡᠷᠴᠢᠮ ᠬᠦᠴᠦ ᠶ᠋ᠢ ᠠᠰᠢᠭᠯᠠᠭᠰᠠᠨ ᠢᠢᠠᠷ ᠠᠭᠤᠷ ᠠᠮᠢᠰᠬᠤᠯ ᠤᠨ ᠥᠭᠡᠷᠡᠴᠢᠯᠡᠯᠲᠡ᠂ ᠠᠭᠠᠷ ᠤᠨ ᠪᠣᠬᠢᠷᠳᠠᠯ ᠢ ᠪᠠᠭᠠᠰᠭᠠᠬᠤ᠂ ᠨᠣᠭᠣᠭᠠᠨ ᠬᠥᠭᠵᠢᠯ ᠢ ᠳᠡᠮᠵᠢᠬᠦ ᠳᠦ ᠬᠤᠪᠢ ᠨᠡᠮᠡᠷᠢ ᠣᠷᠣᠭᠤᠯᠵᠤ᠂ ᠪᠠᠶ᠋ᠢᠭᠠᠯᠢ ᠤᠷᠴᠢᠨ ᠳᠤ ᠡᠭᠡᠯᠢᠲᠡᠢ᠂ ᠴᠡᠪᠡᠷ ᠴᠠᠬᠢᠯᠭᠠᠨ ᠡᠷᠴᠢᠮ ᠬᠦᠴᠢ ᠦᠢᠯᠡᠳᠪᠦᠷᠢᠯᠡᠬᠦ ᠪᠣᠯᠤᠮᠵᠢ ᠲᠠᠢ᠃ ᠮᠥᠨ ᠲᠡᠭᠦᠬᠡᠢ ᠨᠡᠭᠦᠷᠡᠰᠦᠨ ᠦ ᠬᠡᠷᠡᠭᠯᠡᠭᠡ ᠶ᠋ᠢ ᠪᠠᠭᠤᠷᠠᠭᠤᠯᠵᠤ᠂ ᠤᠯᠠᠭᠠᠨᠪᠠᠭᠠᠲᠤᠷ᠂ ᠪᠤᠰᠤᠳ ᠬᠣᠲᠠ ᠰᠠᠭᠤᠷᠢᠨ ᠭᠠᠵᠠᠷ ᠤᠨ ᠠᠭᠠᠷ ᠲᠤ ᠬᠠᠶᠠᠭᠳᠠᠵᠤ ᠪᠠᠶ᠋ᠢᠭ᠎ᠠ ᠬᠦᠯᠡᠮᠵᠢ ᠶ᠋ᠢᠨ ᠬᠡᠢ ᠶ᠋ᠢᠨ ᠢᠯᠭᠠᠷᠠᠭᠤᠯᠤᠯᠲᠠ ᠶ᠋ᠢ ᠪᠠᠭᠤᠷᠠᠭᠤᠯᠬᠤ ᠣᠨᠴᠤᠭᠤᠢ ᠠᠴᠢ ᠬᠣᠯᠪᠣᠭᠳᠠᠯ ᠲᠠᠢ᠃ ᠤᠰᠤᠨ ᠤ ᠨᠥᠭᠡᠴᠡ ᠪᠦᠬᠦᠢ ᠪᠠᠶ᠋ᠢᠩᠭᠤ ᠰᠡᠯᠭᠦᠭᠳᠡᠵᠦ ᠪᠠᠶ᠋ᠢᠬᠤ ᠴᠡᠩᠭᠡᠭ ᠨᠠᠭᠤᠷ ᠡᠭᠦᠰᠦᠭᠰᠡᠨ ᠢᠢᠠᠷ ᠴᠡᠪᠡᠷ ᠤᠰᠤᠨ ᠤ ᠲᠣᠮᠣᠬᠠᠨ ᠨᠥᠭᠡᠴᠡ ᠲᠡᠢ ᠪᠣᠯᠬᠤ ᠠᠴᠠ ᠭᠠᠳᠠᠨ᠎ᠠ ᠲᠤᠬᠠᠢ ᠶ᠋ᠢᠨ ᠪᠥᠰᠡ ᠨᠤᠲᠤᠭ ᠤᠨ ᠠᠭᠠᠷ ᠤᠨ ᠴᠢᠭᠢᠭᠰᠢᠯ ᠢ ᠨᠡᠮᠡᠭᠳᠡᠭᠦᠯᠵᠦ᠂ ᠴᠥᠯᠵᠢᠯᠲᠡ ᠡᠴᠡ ᠬᠠᠮᠠᠭᠠᠯᠠᠵᠤ᠂ ᠡᠷᠴᠢᠮᠵᠢᠭᠰᠡᠨ ᠭᠠᠵᠠᠷ ᠲᠠᠷᠢᠶᠠᠯᠠᠩ᠂ ᠬᠥᠳᠡᠭᠡ ᠠᠵᠤ ᠠᠬᠤᠢ ᠶ᠋ᠢᠨ ᠦᠢᠯᠡᠳᠪᠦᠷᠢᠯᠡᠯ ᠬᠥᠭᠵᠢᠬᠦ ᠪᠣᠯᠤᠮᠵᠢ ᠪᠥᠷᠢᠳᠦᠨ᠎ᠡ᠃ ᠤᠰᠤᠨ ᠴᠠᠬᠢᠯᠭᠠᠨ ᠰᠲ᠋ᠠᠨ᠍ᠼ ᠪᠠᠶ᠋ᠢᠭᠤᠯᠵᠤ᠂ ᠲᠣᠮᠣᠬᠠᠨ ᠨᠠᠭᠤᠷ ᠡᠭᠦᠰᠦᠭᠰᠡᠨ ᠢᠢᠠᠷ ᠪᠠᠶ᠋ᠢᠭᠠᠯᠢ ᠢᠢᠨ ᠠᠶᠠᠯᠠᠯ ᠵᠢᠭᠤᠯᠴᠢᠯᠠᠯ᠂ ᠤᠰᠤᠨ ᠰᠫᠣᠷᠲ ᠢ ᠬᠥᠭᠵᠢᠭᠦᠯᠬᠦ ᠲᠠᠭᠠᠲᠠᠢ ᠨᠥᠬᠥᠴᠡᠯ ᠪᠥᠷᠢᠳᠴᠦ᠂ ᠭᠠᠳᠠᠭᠠᠳᠤ᠂ ᠳᠣᠲᠣᠭᠠᠳᠤ ᠶ᠋ᠢᠨ ᠠᠶᠠᠯᠠᠭᠴᠢ᠂ ᠵᠢᠭᠤᠯᠴᠢᠳ ᠤᠨ ᠰᠣᠨᠢᠷᠬᠠᠯ ᠢ ᠲᠠᠲᠠᠬᠤ᠂ ᠬᠥᠭᠵᠢᠯ ᠦᠨ ᠲᠣᠮᠣᠬᠠᠨ ᠲᠥᠪ ᠪᠣᠯᠵᠤ ᠬᠥᠭᠵᠢᠬᠦ ᠪᠦᠷᠢᠨ ᠪᠣᠯᠤᠮᠵᠢ ᠲᠠᠢ᠃ ᠣᠷᠭᠢᠯ ᠠᠴᠢᠶᠠᠯᠠᠯ ᠳᠤ ᠠᠵᠢᠯᠯᠠᠬᠤ ᠴᠢᠳᠠᠪᠤᠷᠢ ᠲᠠᠢ ᠮᠣᠩᠭᠣᠯ ᠤᠯᠤᠰ ᠤᠨ ᠠᠩᠬᠠᠨ ᠤ ᠲᠣᠬᠢᠷᠠᠭᠤᠯᠭ᠎ᠠ ᠶ᠋ᠢᠨ ᠰᠲ᠋ᠠᠨ᠍ᠼ ᠪᠣᠯᠤᠨ᠎ᠠ᠃ ᠡᠷᠴᠢᠮ ᠬᠦᠴᠦᠨ ᠦ ᠰᠠᠯᠪᠤᠷᠢ ᠶ᠋ᠢᠨ ᠣᠨᠴᠠᠯᠢᠭ ᠨᠢ ᠬᠡᠷᠡᠭᠯᠡᠭᠡᠨ ᠦ ᠭ᠌ᠱᠠᠨ ᠪᠦᠷᠢ ᠳᠦ ᠨᠡᠶ᠋ᠢᠴᠡᠬᠦ ᠦᠢᠯᠡᠳᠪᠦᠷᠢᠯᠡᠯ ᠶᠠᠪᠤᠭᠤᠯᠵᠤ ᠪᠠᠶ᠋ᠢᠳᠠᠭ᠃ ᠡᠷᠴᠢᠮ ᠬᠦᠴᠦᠨ ᠦ ᠰᠢᠰᠲ᠋ᠧᠮ ᠦᠨ ᠲᠣᠭᠲᠠᠪᠤᠷᠢᠲᠠᠢ ᠠᠵᠢᠯᠯᠠᠭᠠᠨ ᠤ ᠦᠨᠳᠦᠰᠦ ᠨᠢ ᠰᠢᠰᠲ᠋ᠧᠮ ᠦᠨ ᠳᠠᠪᠲᠠᠮᠵᠢ ᠲᠣᠭᠲᠠᠮᠠᠯ ᠪᠠᠶ᠋ᠢᠬᠤ ᠶᠠᠪᠤᠳᠠᠯ ᠶᠤᠮ᠃ ᠳᠠᠪᠲᠠᠮᠵᠢ ᠶ᠋ᠢ ᠲᠣᠬᠢᠷᠠᠭᠤᠯᠬᠤ ᠶ᠋ᠢᠨ ᠲᠤᠯᠠᠳᠠ ᠰᠢᠰᠲ᠋ᠧᠮ ᠱᠠᠭᠠᠷᠳᠠᠯᠭ᠎ᠠ ᠲᠠᠢ ᠦᠶ᠎ᠡ ᠳᠦ ᠠᠰᠢᠭᠯᠠᠬᠤ ᠪᠣᠯᠤᠮᠵᠢ ᠲᠠᠢ ᠨᠥᠭᠡᠴᠡ ᠴᠢᠳᠠᠯ ᠲᠠᠢ᠂ ᠬᠡᠷᠡᠭᠯᠡᠭᠡᠨ ᠳᠦ ᠲᠠᠭᠠᠷᠠᠭᠰᠠᠨ ᠲᠣᠬᠢᠷᠠᠭᠤᠯᠤᠭᠴᠢ ᠲᠠᠢ ᠪᠠᠶ᠋ᠢᠬᠤ ᠶ᠋ᠢ ᠱᠠᠭᠠᠷᠳᠠᠳᠠᠭ᠃ ᠣᠳᠣ ᠠᠵᠢᠯᠯᠠᠵᠤ ᠪᠠᠶ᠋ᠢᠭ᠎ᠠ ᠴᠠᠬᠢᠯᠭᠠᠨ ᠰᠲ᠋ᠠᠨ᠍ᠼ ᠤᠳ ᠤᠨ ᠦᠷ᠎ᠡ ᠠᠰᠢᠭ ᠢ ᠰᠠᠶ᠋ᠢᠵᠢᠷᠠᠭᠤᠯᠤᠨ᠎ᠠ᠃ ᠳᠤᠯᠠᠭᠠᠨ ᠤ ᠴᠠᠬᠢᠯᠭᠠᠨ ᠰᠲ᠋ᠠᠨ᠍ᠼ ᠤᠳ ᠦᠢᠯᠡᠳᠪᠦᠷᠢᠯᠡᠭᠰᠡᠨ ᠡᠷᠴᠢᠮ ᠬᠦᠴᠦᠨ ᠦ ᠪᠡᠨ 20 ᠬᠦᠷᠲᠡᠯ᠎ᠡ ᠬᠤᠪ ᠢ ᠳᠣᠲᠣᠭᠠᠳᠤ ᠬᠡᠷᠡᠭᠴᠡᠭᠡᠨ ᠳᠦ ᠪᠡᠨ ᠵᠠᠷᠤᠴᠠᠭᠤᠯᠳᠠᠭ ᠪᠣᠯ ᠡᠭ ᠦᠨ ᠭᠣᠣᠯ ᠤᠨ ᠤᠰᠤᠨ ᠴᠠᠬᠢᠯᠭᠠᠨ ᠰᠲ᠋ᠠᠨ᠍ᠼ ᠨᠢ ᠶᠡᠷᠦᠳᠡᠭᠡᠨ 1 ᠬᠤᠪ ᠢ ᠵᠠᠷᠤᠴᠠᠭᠤᠯᠳᠠᠭ ᠪᠠ ᠮᠠᠨᠧᠸᠷᠯᠠᠬᠤ ᠴᠢᠳᠠᠪᠤᠷᠢ ᠰᠠᠶ᠋ᠢᠲᠠᠢ ᠲᠤᠯᠠ ᠳᠤᠯᠠᠭᠠᠨ ᠤ ᠴᠠᠬᠢᠯᠭᠠᠨ ᠰᠲ᠋ᠠᠨ᠍ᠼ ᠤᠳ ᠤᠨ ᠢᠯᠡᠭᠦᠳᠡᠯ ᠦᠢᠯᠡᠳᠪᠦᠷᠢᠯᠡᠯ ᠢ ᠪᠠᠭᠤᠷᠠᠭᠤᠯᠤᠨ᠎ᠠ᠃ ᠬᠦᠯᠡᠮᠵᠢ ᠶ᠋ᠢᠨ ᠬᠡᠢ ᠶ᠋ᠢ ᠪᠠᠭᠤᠷᠠᠭᠤᠯᠤᠨ᠎ᠠ᠃ ᠨᠢᠭᠡᠳᠦᠭᠰᠡᠨ ᠦᠨᠳᠦᠰᠦᠨ ᠦ ᠪᠠᠶ᠋ᠢᠭᠤᠯᠤᠯᠭ᠎ᠠ ᠤᠨ ᠠᠭᠤᠷ ᠠᠮᠢᠰᠬᠤᠯ ᠤᠨ ᠥᠭᠡᠷᠡᠴᠢᠯᠡᠯᠲᠡ ᠶ᠋ᠢᠨ ᠻᠣᠨ᠍ᠸᠧᠨ᠍ᠼ ᠪᠣᠯᠤᠨ ᠻᠢᠣᠲ᠋ᠣ ᠶ᠋ᠢᠨ ᠫᠷᠣᠲ᠋ᠣᠻᠣᠯ ᠤᠨ ᠳᠠᠭᠠᠭᠤ ᠬᠦᠯᠡᠮᠵᠢ ᠶ᠋ᠢᠨ ᠬᠡᠢ ᠶ᠋ᠢᠨ ᠢᠯᠭᠠᠷᠠᠯᠲᠠ ᠶ᠋ᠢ ᠪᠠᠭᠤᠷᠠᠭᠤᠯᠬᠤ ᠨᠢ ᠤᠰᠤᠨ ᠴᠠᠬᠢᠯᠭᠠᠨ ᠰᠲ᠋ᠠᠨ᠍ᠼ ᠤᠨ ᠭᠣᠣᠯ ᠵᠣᠷᠢᠯᠭ᠎ᠠ ᠶᠤᠮ᠃ ᠤᠭ ᠻᠣᠨᠸᠧᠨ᠍ᠼᠢ ᠳᠤ ᠮᠣᠩᠭᠣᠯ ᠤᠯᠤᠰ ᠨᠢᠭᠡᠳᠦᠨ ᠣᠷᠣᠭᠰᠠᠨ ᠪᠠᠶ᠋ᠢᠳᠠᠭ᠃ ᠤᠭ ᠻᠣᠨ᠍ᠸᠧᠨ᠍ᠼ ᠤᠨ ᠭᠣᠣᠯ ᠰᠢᠯᠭᠠᠭᠤᠷ ᠪᠣᠯ ᠪᠠᠶ᠋ᠢᠭᠠᠯᠢ ᠣᠷᠴᠢᠨ ᠤ ᠱᠠᠭᠠᠷᠳᠠᠯᠭ᠎ᠠ ᠳᠤ ᠨᠡᠶ᠋ᠢᠴᠡᠭᠰᠡᠨ ᠵᠣᠷᠢᠯᠲᠠ ᠪᠤᠶᠤ ᠨᠡᠭᠦᠷᠡᠰᠦ ᠲᠥᠷᠦᠭᠴᠢ ᠶ᠋ᠢᠨ ᠢᠯᠭᠠᠷᠠᠯᠲᠠ ᠠᠴᠠ ᠵᠠᠶ᠋ᠢᠯᠠᠰᠬᠢᠭᠰᠡᠨ ᠬᠡᠮᠵᠢᠶ᠎ᠡ᠂ ᠮᠥᠨ ᠲᠥᠰᠥᠯ ᠦᠨ ᠦᠷᠭᠦᠯᠵᠢᠯᠡᠬᠦ ᠬᠤᠭᠤᠴᠠᠭᠠᠨ ᠳᠤ ᠨᠢᠭᠡ ᠭᠢᠭᠠᠸᠠᠲ᠋ᠲ ᠴᠠᠭ ᠡᠷᠴᠢᠮ ᠬᠦᠴᠦ ᠦᠢᠯᠡᠳᠪᠦᠷᠢᠯᠡᠬᠦ ᠳᠦ ᠬᠡᠳᠦᠢ ᠬᠡᠮᠵᠢᠶᠡᠨ ᠦ ᠨᠡᠭᠦᠷᠡᠰᠦ ᠲᠥᠷᠦᠭᠴᠢ ᠶ᠋ᠢᠨ ᠢᠯᠭᠠᠷᠠᠯᠲᠠ ᠠᠴᠠ ᠵᠠᠶ᠋ᠢᠯᠠᠰᠬᠢᠭᠰᠡᠨ ᠢᠢᠠᠷ ᠲᠣᠳᠣᠷᠬᠠᠶ᠋ᠢᠯᠠᠭᠳᠠᠳᠠᠭ᠃ ᠵᠢᠯ ᠳᠦ ᠪᠠᠭᠤᠷᠠᠭᠤᠯᠬᠤ ᠨᠡᠭᠦᠷᠡᠰᠦ ᠲᠥᠷᠦᠭᠴᠢ ᠶ᠋ᠢᠨ ᠢᠯᠭᠠᠷᠠᠭᠤᠯᠤᠯᠲᠠ ᠶ᠋ᠢ ᠦᠨᠡᠯᠡᠬᠦ ᠳᠦ᠂ ᠵᠢᠯ ᠦᠨ ᠴᠠᠬᠢᠯᠭᠠᠨ ᠦᠢᠯᠡᠳᠪᠦᠷᠢᠯᠡᠯ ᠢᠢᠠᠷ (606 ᠭᠢᠭᠠᠸᠠᠲ᠋ᠲ ᠴᠠᠭ) 709 ᠮᠢᠩᠭᠠᠨ ᠲᠣᠨ CO2᠃ ᠡᠷᠴᠢᠮ ᠬᠦᠴᠦᠨ ᠦ ᠰᠤᠳᠤᠯᠭ᠎ᠠ ᠬᠥᠭᠵᠢᠯ ᠦᠨ ᠲᠥᠪ ᠦᠨ ᠬᠢᠵᠦ ᠪᠠᠶ᠋ᠢᠭᠰᠠᠨ ᠲᠣᠭᠠᠴᠠᠭᠠᠯᠠᠯ ᠳᠡᠭᠡᠷ᠎ᠡ ᠦᠨᠳᠦᠰᠦᠯᠡᠵᠦ ᠨᠡᠭᠦᠷᠡᠰᠦ ᠪᠡᠷ ᠠᠵᠢᠯᠯᠠᠳᠠᠭ ᠳᠤᠯᠠᠭᠠᠨ ᠦᠢᠯᠡᠳᠪᠦᠷᠢᠯᠡᠯ ᠢᠯᠭᠠᠷᠠᠭᠤᠯᠤᠯᠲᠠ ᠶ᠋ᠢᠨ ᠬᠦᠴᠦᠨ ᠵᠦᠢᠯ ᠢ 1.17 ᠲᠣᠨ CO2/ᠮᠸᠭᠠᠸᠠᠲ᠋ᠲ ᠴᠠᠭ ᠭᠡᠵᠦ ᠲᠣᠭᠠᠴᠠᠭᠰᠠᠨ ᠪᠠᠶ᠋ᠢᠭ᠎ᠠ᠃ ᠡᠭ ᠦᠨ ᠭᠣᠣᠯ ᠤᠨ ᠤᠰᠤᠨ ᠴᠠᠬᠢᠯᠭᠠᠨ ᠰᠲ᠋ᠠᠨ᠍ᠼ ᠢ ᠠᠰᠢᠭᠯᠠᠯᠲᠠ ᠳᠤ ᠣᠷᠣᠭᠤᠯᠤᠭᠰᠠᠨ ᠢᠢᠠᠷ ᠪᠠᠭᠤᠷᠠᠭᠤᠯᠬᠤ ᠨᠡᠭᠦᠷᠡᠰᠦ ᠬᠦᠴᠢᠯ ᠦᠨ ᠬᠡᠢ ᠶ᠋ᠢᠨ ᠬᠡᠮᠵᠢᠶᠡᠨ ᠳᠦ ᠣᠯᠠᠨ ᠤᠯᠤᠰ ᠤᠨ ᠪᠠᠶ᠋ᠢᠭᠤᠯᠤᠯᠭ᠎ᠠ᠂ ᠥᠨᠳᠥᠷ ᠬᠥᠭᠵᠢᠯᠲᠡᠢ ᠣᠷᠣᠨ ᠨᠤᠭᠤᠳ ᠠᠴᠠ ᠤᠷᠮᠠᠰᠢᠭᠤᠯᠤᠯ ᠠᠪᠬᠤ ᠲᠠᠯ᠎ᠠ ᠪᠠᠷ ᠰᠤᠳᠤᠯᠵᠤ ᠪᠠᠶ᠋ᠢᠨ᠎ᠠ᠃ ᠮᠣᠩᠭᠣᠯ ᠳᠤ ᠡᠮᠦᠨ᠎ᠡ ᠬᠡᠷᠭᠡᠵᠢᠭᠰᠡᠨ ᠲᠥᠰᠥᠯ ᠦᠳ ᠦᠨ ᠵᠢᠱᠢᠭ ᠢᠢᠠᠷ ᠬᠦᠯᠡᠮᠵᠢ ᠶ᠋ᠢᠨ ᠬᠡᠢ ᠶ᠋ᠢᠨ ᠲᠣᠨ᠍ ᠲᠤᠲᠤᠮ ᠳᠤ 4 ᠧᠦ᠋ᠷᠣ᠋ ᠶ᠋ᠢᠨ ᠤᠷᠮᠠᠰᠢᠭᠤᠯᠤᠯᠲᠠᠢ ᠪᠣᠷᠣᠯᠠᠭᠤᠯᠬᠤ ᠪᠠᠷ ᠲᠣᠭᠠᠴᠠᠪᠠᠯ ᠵᠢᠯ ᠳᠦ 2.8 ᠰᠠᠶ᠎ᠠ ᠧᠦ᠋ᠷᠣ᠋ ᠶ᠋ᠢᠨ ᠣᠷᠣᠯᠭ᠎ᠠ ᠣᠯᠵᠤ ᠪᠣᠯᠬᠤ ᠶᠤᠮ᠃ ᠢᠮᠫᠣᠷᠲ ᠤᠨ ᠡᠷᠴᠢᠮ ᠬᠦᠴᠦᠨ ᠦ ᠬᠠᠷᠠᠭᠠᠲᠤ ᠪᠠᠶ᠋ᠢᠳᠠᠯ ᠢ ᠪᠠᠭᠤᠷᠠᠭᠤᠯᠬᠤ᠃ ᠲᠥᠪ ᠦᠨ ᠪᠥᠰᠡ ᠶ᠋ᠢᠨ ᠨᠢᠭᠡᠳᠦᠭᠰᠡᠨ ᠰᠢᠰᠲ᠋ᠧᠮ ᠨᠢ ᠣᠷᠣᠰ ᠤᠨ ᠬᠣᠯᠪᠣᠭᠠᠨ ᠤ ᠤᠯᠤᠰ ᠤᠨ ᠪᠠᠢᠢᠭᠠᠯ ᠤᠨ ᠡᠷᠴᠢᠮ ᠬᠦᠴᠦᠨ ᠤ ᠰᠢᠰᠲ᠋ᠧᠮ ᠲᠡᠢ 220 ᠻᠢᠯᠣᠸᠣᠯᠲ᠋ ᠤᠨ ᠴᠠᠬᠢᠯᠭᠠᠨ ᠳᠠᠮᠵᠢᠭᠤᠯᠬᠤ ᠠᠭᠠᠷ ᠤᠨ ᠬᠣᠣᠰ ᠱᠤᠭᠤᠮ ᠢᠢᠠᠷ ᠵᠡᠷᠭᠡᠴᠡᠭᠡ ᠠᠵᠢᠯᠯᠠᠭᠠᠨ ᠳᠤ ᠬᠣᠯᠪᠣᠭᠳᠠᠭᠰᠠᠨ 1977 ᠣᠨ ᠠᠴᠠ ᠥᠨᠥ ᠬᠦᠷᠲᠡᠯ᠎ᠡ 《ᠢᠮᠫᠣᠷᠲ ᠤᠨ ᠭᠡᠷ᠎ᠡ》 ᠪᠠᠶ᠋ᠢᠭᠤᠯᠤᠨ ᠠᠵᠢᠯᠯᠠᠵᠤ ᠪᠠᠶ᠋ᠢᠨ᠎ᠠ᠃ 2013 ᠣᠨ ᠳᠤ ᠣᠷᠣᠰ ᠤᠨ ᠬᠣᠯᠪᠣᠭᠠᠨ ᠤ ᠤᠯᠤᠰ ᠠᠴᠠ 325.3 ᠰᠠᠶ᠎ᠠ ᠻᠢᠯᠣᠸᠠᠲ᠋ᠲ᠋ ᠴᠠᠭ ᠴᠠᠬᠢᠯᠭᠠᠨ ᠡᠷᠴᠢᠮ ᠬᠦᠴᠢ ᠢᠮᠫᠣᠷᠲᠯᠠᠭᠰᠠᠨ ᠨᠢ ᠨᠡᠶ᠋ᠢᠲᠡ ᠬᠡᠷᠡᠭᠯᠡᠭᠡᠨ ᠦ 6.3 % ᠡᠵᠡᠯᠡᠵᠦ ᠪᠠᠶ᠋ᠢᠨ᠎ᠠ᠃ {{Image |Filename=Irkutsk-hydroelectric.jpg |text=ᠤᠰᠤᠨ ᠴᠠᠬᠢᠯᠭᠠᠨ ᠰᠲ᠋ᠠᠨ᠍ᠼ ᠦ᠋ᠨ ᠵᠢᠱᠢᠶ ᠡ᠋᠄
ᠪᠠᠢᠢᠭᠠᠯ ᠨᠠᠭᠤᠷ ᠦ᠋ᠨ ᠡᠷᠭᠢ ᠳᠡᠭᠡᠷᠡᠬᠢ
ᠡᠷᠡᠬᠦᠦ ᠶ᠋ᠢᠨ ᠤᠰᠤᠨ ᠴᠠᠬᠢᠯᠭᠠᠨ ᠰᠲ᠋ᠠᠨ᠍ᠼ }}

Усан цахилгаан станц, УЦС, эрчим хүч Гидроэлектростанция, ГЭС, энергия, энергетика Hydropower station, energy sector
Товч агуулга:
Wikibilig-д оруулсан бүх хувь нэмрийг бусад хэрэглэгчид засварлаж, өөрчилж, устгаж болдгийг анхаарна уу. Хэрэв та өөрийн хувь нэмрээ бусдад засварлуулах, тараагдуулахыг хүсэхгүй байгаа бол энд битгий оруулаарай.
Та мөн үүнийг өөрөө бичсэн, эсвэл нийтийн өмчид тавигдсан буюу үүнтэй адилтгаж болох сангаас хуулж тавьсан бүтээл гэдгээ амласан байгааг анхаараарай (дэлгэрэнгүй мэдээллийг
Wikibilig:Зохиогчийн эрх
-с авна уу).
ЗОХИОГЧИЙН ЭРХ БҮХИЙ БҮТЭЭЛИЙГ ЗӨВШӨӨРӨЛГҮЙГЭЭР ТАВИХИЙГ ХОРИГЛОНО!
Цуцлах
Засвар хийх тухай тусламж
(шинэ цонх нээгдэнэ)
Toggle limited content width