"ᠮᠣᠩᠭᠤᠯ ᠊ᠤᠨ ᠴᠠᠭᠳᠠᠭ ᠊ᠠ᠋"-ны өөр хувилбарууд

Wikibilig-с
б (Layout)
(ᠴᠠᠭᠳᠠᠭ᠎ᠠ ᠢᠢᠨ ᠪᠠᠢᠢᠭᠤᠯᠤᠯᠭ᠎ᠠ ᠵᠠᠰᠠᠪᠤᠷᠢ ᠤᠷᠤᠭᠤᠯᠪᠠ)

(27 дундын хувилбарууд 11 хэрэглэгчид харагдахгүй)
1-р мөр: 1-р мөр:

ᠲᠠᠨ ᠊ᠤ ᠪᠢᠴᠢᠪᠦᠷᠢ

{{ImageX
|Filename=Police_Logo.png
|Text=ᠴᠠᠭᠳᠠᠭ᠎ ‍ᠠ᠋ ‍ᠢᠢᠨ ᠪᠡᠯᠭᠡᠳᠡᠯ
|Height=30

ᠴᠠᠭᠳᠠᠭ᠎ᠠ ᠶᠢᠨ ᠪᠠᠢᠢᠭᠤᠯᠤᠯᠭ᠎ᠠ ᠡᠭᠦᠰᠭᠡᠨ ᠪᠠᠢᠢᠭᠤᠯᠤᠭᠳᠠᠭᠰᠠᠨ ᠴᠠᠭ ᠠᠴᠠ ᠪᠠᠨ ᠬᠣᠢᠢᠰᠢ ᠤᠯᠤᠰ ᠣᠷᠣᠨ ᠤ ᠨᠡᠢᠢᠭᠡᠮ᠂ ᠲᠥᠷᠦ ᠶᠢᠨ ᠪᠠᠢᠢᠭᠤᠯᠤᠮᠵᠢ ᠶᠢᠨ ᠬᠥᠭᠵᠢᠯ ᠦᠨ ᠪᠦᠬᠦᠢᠢᠯᠠ ᠦᠶ᠎ᠡ ᠱᠠᠲᠤ ᠨᠤᠭᠤᠳ ᠲᠤ ᠬᠥᠭᠵᠢᠵᠦ᠂ ᠪᠡᠬᠢᠵᠢᠵᠦ ᠢᠷᠡᠭᠰᠡᠨ ᠮᠣᠩᠭᠣᠯ ᠲᠥᠷᠦ ᠶᠢᠨ ᠤᠤᠭᠠᠨ ᠪᠠᠢᠢᠭᠤᠯᠤᠯᠭ᠎ᠠ ᠶᠢᠨ ᠨᠢᠭᠡ ᠶᠤᠮ᠃

=ᠨᠢᠭᠡᠨ ᠭᠠᠷᠴᠠᠭ=
== ᠠᠩᠬᠠᠨ ᠤ ᠦᠨᠳᠦᠰᠦᠨ ᠬᠠᠤᠯᠢ ᠪᠠᠲᠤᠯᠠᠭᠳᠠᠬᠤ ᠶᠢᠨ ᠡᠮᠦᠨᠡᠬᠢ ᠦᠶ᠎ᠡ ( 1924 ᠣᠨ ᠬᠦᠷᠲᠡᠯ᠎ᠡ) ==
ᠲᠠᠨ ᠊ᠤ ᠪᠢᠴᠢᠪᠦᠷᠢ

{{ImageX
|Filename=Police 15B.jpg
|Text=ᠬᠤᠪᠢᠰᠬᠠᠯ ᠡᠴᠡ ᠡᠮᠦᠨᠠᠬᠢ ᠦᠶ ‍ᠡ᠋ ‍ᠢᠢᠨ ᠴᠠᠭᠳᠠᠭ᠎ ‍ᠠ᠋
|Height=30

1921 ᠣᠨ ᠳᠤ ᠠᠷᠠᠳ ᠤᠨ ᠵᠠᠰᠠᠭ ᠤᠨ ᠭᠠᠵᠠᠷ ᠤᠨ 6 ᠳ᠋ᠤᠭᠠᠷ ᠬᠤᠷᠠᠯ ᠢᠢᠠᠷ (ᠴᠠᠭᠳᠠᠭ᠎ᠠ ᠶᠢᠨ ᠲᠤᠬᠠᠢ) ᠬᠡᠯᠡᠯᠴᠡᠭᠡᠳ ᠠᠷᠠᠳ ᠲᠦᠮᠡᠨ ᠦ ᠠᠮᠢ ᠪᠡᠶ᠎ᠡ᠂ ᠡᠳ᠋ ᠬᠥᠷᠥᠩᠭᠡ ᠳᠦ ᠬᠠᠯᠳᠠᠭᠰᠠᠳ ᠲᠠᠢ ᠲᠡᠮᠡᠴᠡᠬᠦ᠂ ᠬᠡᠪ ᠵᠢᠷᠤᠮ᠂ ᠡᠩᠬᠡ ᠠᠮᠤᠭᠤᠯᠠᠩ ᠪᠠᠢᠢᠳᠠᠯ ᠢ ᠰᠠᠬᠢᠭᠤᠯᠬᠤ ᠡᠭᠦᠷᠭᠡ ᠪᠦᠬᠦᠢ (ᠰᠡᠷᠭᠡᠢᠢᠯᠡᠬᠦ ᠴᠡᠷᠢᠭ ᠦᠨ ᠰᠠᠯᠠᠭ᠎ᠠ) ᠍ ᠶᠢ ᠪᠠᠢᠢᠭᠤᠯᠤᠭᠰᠠᠨ ᠨᠢ ᠮᠣᠩᠭᠣᠯ ᠤᠯᠤᠰ ᠤᠨ ᠰᠢᠨ᠎ᠡ ᠦᠶ᠎ᠡ ᠶᠢᠨ ᠴᠠᠭᠳᠠᠭ᠎ᠠ ᠶᠢᠨ ᠪᠠᠢᠢᠭᠤᠯᠤᠯᠭ᠎ᠠ ᠶᠢᠨ ᠡᠭᠦᠰᠦᠯ ᠪᠣᠯᠵᠠᠢ᠃

=ᠪᠠᠰᠠ ᠨᠢᠭᠡᠨ ᠭᠠᠷᠴᠠᠭ=
1922 ᠣᠨ ᠳᠤ ᠨᠡᠢᠢᠰᠯᠡᠯ ᠬᠦᠷᠢᠶᠡᠨ ᠳᠦ 102 ᠬᠦᠮᠦᠨ ᠲᠡᠢ ᠴᠠᠭᠳᠠᠨ ᠰᠡᠷᠭᠡᠢᠢᠯᠡᠬᠦ ᠬᠣᠷᠢᠶ᠎ᠠ᠂ ᠠᠮᠤᠭᠤᠯᠠᠩ ᠪᠠᠭᠠᠲᠤᠷ ᠬᠣᠲᠠ ᠳᠤ 32 ᠬᠦᠮᠦᠨ ᠲᠡᠢ ᠴᠠᠭᠳᠠᠨ ᠰᠡᠷᠭᠡᠢᠢᠯᠡᠬᠦ ᠬᠡᠯᠲᠡᠰ ᠠᠵᠢᠯᠯᠠᠵᠤ ᠪᠠᠢᠢᠭᠰᠠᠨ ᠢ 1923 ᠣᠨ ᠳᠤ ᠨᠢᠭᠡᠳᠬᠡᠵᠦ᠂ 1924 ᠣᠨ ᠳᠤ 148 ᠬᠦᠮᠦᠨ ᠲᠡᠢ ᠠᠵᠢᠯᠯᠠᠵᠤ ᠪᠠᠢᠢᠵᠠᠢ᠃
ᠲᠠᠨ ᠊ᠤ ᠪᠢᠴᠢᠪᠦᠷᠢ

=ᠡᠬᠢ ᠰᠤᠷᠪᠤᠯᠵᠢ=
ᠵᠠᠰᠠᠭ ᠤᠨ ᠭᠠᠵᠠᠷ ᠤᠨ 1923 ᠣᠨ ᠤ 18 ᠳ᠋ᠤᠭᠠᠷ ᠬᠤᠷᠠᠯ ᠢᠢᠠᠷ (ᠴᠠᠭᠳᠠᠨ ᠰᠡᠷᠭᠡᠢᠢᠯᠡᠬᠦ ᠶᠢᠨ ᠡᠷᠬᠡ ᠬᠡᠮᠵᠢᠶᠡᠨ ᠦ ᠳᠦᠷᠢᠮ) ᠍ ᠢ ᠪᠠᠲᠤᠯᠠᠵᠤ᠂ ᠴᠠᠭᠳᠠᠭ᠎ᠠ ᠶᠢᠨ ᠡᠭᠦᠷᠭᠡ ᠶᠢ᠄ (ᠭᠡᠮᠲᠦ ᠬᠡᠷᠡᠭ ᠲᠡᠢ ᠲᠡᠮᠡᠴᠡᠬᠦ᠂ ᠬᠠᠤᠯᠢ᠂ ᠳᠦᠷᠢᠮ ᠦᠨ ᠪᠡᠶᠡᠯᠡᠯᠲᠡ ᠳᠦ ᠬᠢᠨᠠᠯᠲᠠ ᠲᠠᠯᠪᠢᠬᠤ᠂ ᠬᠡᠪ ᠵᠢᠷᠤᠮ᠂ ᠠᠷᠢᠭᠤᠨ ᠴᠡᠪᠡᠷ ᠢ ᠰᠠᠬᠢᠭᠤᠯᠬᠤ᠂ ᠭᠠᠷᠤᠭᠰᠠᠨ ᠬᠡᠷᠡᠭ᠂ ᠵᠥᠷᠢᠴᠡᠯ ᠳᠦ ᠠᠷᠭ᠎ᠠ ᠬᠡᠮᠵᠢᠶ᠎ᠡ ᠠᠪᠬᠤ᠂ ᠡᠯᠴᠢᠨ᠂ ᠺᠣᠨ᠋ᠰᠦ᠋ᠯ  ᠢ ᠬᠠᠮᠠᠭᠠᠯᠠᠬᠤ᠂ ᠡᠷᠭᠢᠭᠦᠯ᠂ ᠮᠠᠨᠠᠭ᠎ᠠ ᠬᠢᠬᠦ᠂ ᠭᠠᠯ ᠲᠦᠢᠮᠡᠷ ᠢ ᠰᠡᠷᠭᠡᠢᠢᠯᠡᠬᠦ᠂ ᠰᠥᠨᠦᠭᠡᠬᠦ ᠶᠠᠪᠤᠳᠠᠯ) ᠭᠡᠳ ᠵᠠᠰᠠᠭ ᠤᠨ ᠭᠠᠵᠠᠷ᠂ ᠣᠯᠠᠨ ᠶᠠᠮᠤᠳ ᠠᠴᠠ ᠵᠢᠭᠠᠵᠤ᠂ ᠲᠤᠰᠢᠶᠠᠭᠰᠠᠨ ᠨᠡᠮᠡᠭᠳᠡᠯ ᠡᠭᠦᠷᠭᠡ ᠶᠢ ᠪᠡᠶᠡᠯᠡᠭᠦᠯᠬᠦ ᠪᠡᠷ ᠵᠢᠭᠠᠭᠰᠠᠨ ᠪᠠᠢᠢᠨ᠎ᠠ᠃

ᠲᠠᠨ ᠊ᠤ ᠡᠬᠢ ᠰᠤᠷᠪᠤᠯᠵᠢ

== ᠠᠩᠬᠠᠨ ᠤ ᠦᠨᠳᠦᠰᠦᠨ ᠬᠠᠤᠯᠢ ᠶᠢᠨ ᠡᠮᠦᠨᠡᠬᠢ ᠦᠶ᠎ᠡ (1924-1940) ==
1924 ᠣᠨ ᠳᠤ ᠬᠤᠷᠠᠯᠳᠤᠭᠰᠠᠨ ᠤᠯᠤᠰ ᠤᠨ ᠠᠩᠬᠠᠳᠤᠭᠠᠷ ᠶᠡᠬᠡ ᠬᠤᠷᠠᠯ ᠠᠴᠠ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢ ᠳᠣᠲᠣᠭᠠᠳᠤ ᠶᠠᠮᠤᠨ ᠤ ᠬᠠᠷᠢᠶᠠᠨ ᠳᠤ ᠰᠢᠯᠵᠢᠭᠦᠯᠦᠨ (ᠤᠯᠤᠰ ᠤᠨ ᠴᠠᠭᠳᠠᠨ ᠰᠡᠷᠭᠡᠢᠢᠯᠡᠬᠦ ᠶᠡᠷᠦᠩᠬᠡᠢ ᠭᠠᠵᠠᠷ) ᠍ ᠶᠢ ᠪᠠᠢᠢᠭᠤᠯᠵᠤ᠂ ᠠᠢᠢᠮᠠᠭ᠂ ᠬᠣᠰᠢᠭᠤ ᠨᠤᠭᠤᠳ ᠲᠤ ᠴᠠᠭᠳᠠᠨ ᠰᠡᠷᠭᠡᠢᠢᠯᠡᠬᠦ ᠨᠢᠭᠡᠴᠡ ᠪᠠᠢᠢᠭᠤᠯᠬᠤ ᠪᠠᠷ ᠰᠢᠢᠳᠪᠦᠷᠢᠯᠡᠵᠦ᠂ ᠬᠦᠮᠦᠨ ᠠᠮᠠ᠂ ᠭᠠᠳᠠᠭᠠᠳᠤ ᠶᠢᠨ ᠮᠥᠩᠭᠥ ᠬᠦᠦᠯᠡᠭᠴᠢᠳ ᠲᠥᠪᠯᠡᠷᠡᠵᠦ ᠪᠠᠢᠢᠭᠰᠠᠨ ᠤᠯᠢᠶᠠᠰᠤᠲᠠᠢ ᠬᠣᠲᠠ ᠳᠤ ᠪᠠᠭ᠎ᠠ ᠳᠠᠷᠤᠭ᠎ᠠ 1᠂ ᠴᠠᠭᠳᠠᠭ᠎ᠠ 4 ᠍ ᠶᠢ ᠠᠵᠢᠯᠯᠠᠭᠤᠯᠬᠤ ᠪᠣᠯᠤᠭᠰᠠᠨ ᠨᠢ ᠣᠷᠣᠨ ᠨᠤᠲᠤᠭ ᠲᠠᠬᠢ ᠴᠠᠭᠳᠠᠭ᠎ᠠ ᠢᠢᠨ ᠪᠠᠢᠢᠭᠤᠯᠤᠯᠭ᠎ᠠ ᠶᠢᠨ ᠠᠩᠬᠠᠨ ᠤ ᠰᠠᠯᠪᠤᠷᠢ ᠨᠢ ᠪᠠᠢᠢᠪᠠ᠃

1934-1940 ᠣᠨ ᠤ ᠦᠶ᠎ᠡ ᠳᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠳᠤ ᠲᠤᠰᠬᠠᠢᠢᠯᠠᠭᠰᠠᠨ ᠴᠢᠭ᠌ ᠡᠭᠦᠷᠭᠡ ᠪᠦᠬᠦᠢ ᠲᠥᠷᠦᠯᠵᠢᠭᠰᠡᠨ ᠮᠡᠷᠭᠡᠵᠢᠯ ᠦᠨ ᠠᠯᠪᠠᠳ᠂ ᠠᠢᠢᠮᠠᠭ᠂ ᠬᠣᠲᠠ ᠳᠤ ᠴᠠᠭᠳᠠᠨ ᠰᠡᠷᠭᠡᠢᠢᠯᠡᠬᠦ ᠠᠩᠭᠢ ᠪᠤᠢ ᠪᠣᠯᠵᠤ ᠦᠢᠯᠡ ᠠᠵᠢᠯᠯᠠᠭ᠎ᠠ ᠨᠢ ᠥᠷᠭᠡᠵᠢᠭᠰᠡᠨ ᠶᠤᠮ᠃

ᠡᠨᠡ ᠣᠨ ᠵᠢᠯ ᠦᠳ ᠲᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ ᠡᠭᠦᠷᠭᠡ ᠨᠢ ᠲᠤᠰᠠᠭᠠᠷ ᠲᠣᠭᠲᠠᠨᠢᠯ᠂ ᠠᠷᠠᠳ ᠤᠨ ᠬᠤᠪᠢᠰᠬᠠᠯ ᠤᠨ ᠣᠯᠤᠯᠲᠠ ᠶᠢ ᠪᠠᠲᠤᠳᠬᠠᠬᠤ᠂ ᠳᠠᠢᠢᠨ ᠤ ᠪᠣᠯᠤᠨ ᠪᠦᠲᠦᠭᠡᠨ ᠪᠠᠢᠢᠭᠤᠯᠤᠯᠲᠠ ᠶᠢᠨ ᠵᠢᠯ ᠦᠳ ᠲᠦ ᠤᠯᠤᠰ ᠣᠷᠣᠨ ᠤ ᠠᠶᠤᠯ ᠦᠭᠡᠢ ᠪᠠᠢᠢᠳᠠᠯ ᠢ ᠬᠠᠩᠭᠠᠬᠤ ᠳᠤ ᠲᠤᠰ ᠲᠤᠰ ᠴᠢᠭᠯᠡᠭᠳᠡᠵᠦ ᠪᠠᠢᠢᠪᠠ᠃

== ᠬᠣᠶᠠᠳᠤᠭᠠᠷ ᠦᠨᠦᠳᠦᠰᠦᠨ ᠬᠠᠤᠯᠢ ᠶᠢᠨ ᠦᠶ᠎ᠡ (1940-1960) ==
1940 - 1960 ᠣᠨ ᠳᠤ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠰᠢᠨ᠎ᠡ ᠦᠨᠳᠦᠰᠦᠨ ᠬᠠᠤᠯᠢ᠂ ᠡᠷᠡᠭᠦᠦ᠂ ᠡᠷᠡᠭᠦᠦ ᠶᠢᠨ ᠪᠠᠢᠢᠴᠠᠭᠠᠨ ᠰᠢᠢᠳᠭᠡᠬᠦ ᠬᠠᠤᠯᠢ᠂ ᠪᠤᠰᠤᠳ ᠬᠠᠤᠯᠢ ᠲᠣᠭᠲᠠᠭᠠᠮᠵᠢ ᠶᠢ ᠬᠡᠷᠡᠭᠵᠢᠭᠦᠯᠬᠦ ᠵᠣᠷᠢᠯᠭ᠎ᠠ ᠪᠠᠷ ᠬᠦᠮᠦᠨ ᠦ ᠠᠮᠢ᠂ ᠳᠡᠭᠡᠷᠡᠮ᠂ ᠬᠤᠯᠠᠭᠠᠢ᠂ ᠥᠮᠴᠢ ᠠᠰᠢᠭᠯᠠᠬᠤ᠂ ᠳᠠᠮ ᠤᠨ ᠨᠠᠢᠢᠮᠠᠭ᠎ᠠ ᠬᠢᠭᠴᠢᠳ᠂ ᠲᠠᠩᠬᠠᠢᠢᠷᠠᠭᠴᠢᠳ᠂ ᠬᠠᠤᠯᠢ ᠶᠣᠰᠣ ᠵᠥᠷᠢᠴᠡᠭᠴᠢᠳ ᠲᠡᠢ ᠲᠡᠮᠡᠴᠡᠬᠦ᠂ ᠢᠷᠭᠡᠳ ᠢ ᠫᠠᠰᠫᠣᠷᠲ᠋ᠵᠢᠭᠤᠯᠬᠤ᠂ ᠭᠡᠷ ᠪᠦᠯᠢ ᠶᠢᠨ ᠪᠠᠢᠢᠳᠠᠯ ᠢ ᠪᠦᠷᠢᠳᠬᠡᠬᠦ᠂ ᠬᠡᠷᠡᠭ ᠪᠦᠷᠢᠳᠬᠡᠬᠦ᠂ ᠮᠥᠷᠳᠡᠨ ᠪᠠᠢᠢᠴᠠᠭᠠᠬᠤ ᠠᠯᠪᠠ ᠶᠢ ᠪᠡᠬᠢᠵᠢᠭᠦᠯᠬᠦ ᠳᠦ ᠦᠢᠯᠡ ᠠᠵᠢᠯᠯᠠᠭ᠎ᠠ ᠪᠠᠨ ᠴᠢᠭᠯᠡᠭᠦᠯᠵᠦ ᠠᠵᠢᠯᠯᠠᠭᠰᠠᠨ ᠪᠠᠢᠢᠨ᠎ᠠ᠃

== ᠭᠤᠳᠤᠭᠠᠷ ᠦᠨᠦᠳᠦᠰᠦᠨ ᠬᠠᠤᠯᠢ ᠶᠢᠨ ᠦᠶ᠎ᠡ (1960-1990) ==

{{ImageX
|Filename=Berittene_Polizei_Ulaan_Baatar_2010.JPG
|Text=ᠮᠣᠷᠢᠲᠤ ᠡᠷᠭᠢᠭᠦᠯ
|Height=30

1960-1990 ᠣᠨ ᠳᠤ ᠴᠠᠭᠳᠠᠭ᠎ᠠ ᠶᠢᠨ ᠪᠠᠢᠢᠭᠤᠯᠤᠯᠭ᠎ᠠ ᠶᠢᠨ ᠪᠦᠲᠦᠴᠡ᠂ ᠵᠣᠬᠢᠶᠠᠨ ᠪᠠᠶᠢᠭᠤᠯᠤᠯᠲᠠ ᠥᠷᠭᠡᠵᠢᠨ ᠲᠥᠷᠥᠯ ᠮᠡᠷᠭᠡᠵᠢᠯ ᠦᠨ ᠠᠯᠪᠠᠳ ᠲᠠᠢ ᠪᠣᠯᠵᠤ᠂ ᠲᠡᠳᠡᠭᠡᠷ ᠢ ᠮᠡᠷᠭᠡᠵᠢᠯ ᠦᠨ ᠤᠳᠤᠷᠢᠳᠤᠯᠭ᠎ᠠ᠂ ᠠᠵᠢᠯ ᠤᠨ ᠤᠶᠠᠯᠳᠤᠭ᠎ᠠ ᠬᠣᠯᠪᠣᠭ᠎ᠠ ᠪᠠᠷ ᠬᠠᠩᠭᠠᠵᠤ᠂ ᠮᠡᠷᠭᠡᠰᠢᠭᠦᠯᠬᠦ ᠠᠵᠢᠯ ᠳᠤ ᠲᠦᠯᠬᠢᠭᠦᠦ ᠠᠩᠬᠠᠷᠴᠤ᠂ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ ᠠᠵᠢᠯ ᠳᠤ ᠲᠧᠭᠨᠢᠭ ᠬᠡᠷᠡᠭᠰᠡᠯ᠂ ᠰᠢᠨᠵᠢᠯᠡᠬᠦ ᠤᠬᠠᠭᠠᠨ ᠤ ᠣᠯᠤᠯᠲᠠ᠂ ᠲᠡᠷᠢᠭᠦᠨ ᠲᠤᠷᠰᠢᠯᠭ᠎ᠠ ᠶᠢ ᠨᠡᠪᠲᠡᠷᠡᠭᠦᠯᠵᠦ᠂ ᠮᠠᠲ᠋ᠧᠷᠢᠶᠠᠯᠯᠢᠭ ᠪᠠᠭᠠᠵᠢ ᠨᠢ ᠤᠯᠠᠮ ᠪᠡᠬᠢᠵᠢᠭᠰᠡᠨ᠃

1966 ᠣᠨ ᠳᠤ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ 45 ᠵᠢᠯ ᠦᠨ ᠣᠢ ᠶᠢ ᠨᠢ ᠲᠣᠬᠢᠶᠠᠯᠳᠤᠭᠤᠯᠤᠨ ᠲᠥᠷᠦ᠂ ᠠᠷᠠᠳ ᠲᠦᠮᠡᠨ ᠦ ᠪᠡᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦᠲᠡᠢ ᠪᠡᠶᠡᠯᠡᠭᠦᠯᠵᠦ ᠢᠷᠡᠭᠰᠡᠨ ᠢ ᠥᠨᠳᠦᠷ ᠢᠢᠠᠷ ᠦᠨᠡᠯᠡᠵᠦ (ᠪᠠᠢᠢᠯᠳᠤᠭᠠᠨ ᠤ ᠭᠠᠪᠢᠶᠠᠨ ᠤ ᠤᠯᠠᠭᠠᠨ ᠲᠤᠭ ᠤᠨ ᠣᠳᠤᠨ) ᠍ ᠪᠠᠷ ᠱᠠᠩᠨᠠᠭᠰᠠᠨ ᠶᠤᠮ᠃

1966 ᠣᠨ ᠤ 7 ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠ ᠳᠤ ᠶᠡᠬᠡ ᠦᠶᠡᠷ ᠪᠣᠯᠵᠤ ᠲᠡᠭᠦᠨ ᠡᠴᠡ ᠤᠯᠤᠰ᠂ ᠣᠯᠠᠨ ᠨᠡᠢᠢᠲᠡ ᠂ ᠢᠷᠭᠡᠳ ᠦᠨ ᠥᠮᠴᠢ ᠬᠥᠷᠥᠩᠭᠡ᠂ ᠠᠮᠢ ᠪᠡᠶ᠎ᠡ ᠶᠢ ᠠᠪᠤᠷᠠᠨ ᠬᠠᠮᠠᠭᠠᠯᠠᠬᠤ ᠶᠡᠬᠡ ᠦᠢᠯᠡᠰ ᠲᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ ᠠᠵᠢᠯᠲᠠᠨ ᠨᠤᠭᠤᠳ ᠪᠠᠭᠠᠲᠤᠷᠯᠢᠭ ᠭᠠᠪᠢᠶ᠎ᠠ ᠪᠠᠢᠢᠭᠤᠯᠵᠤ ᠠᠵᠢᠯᠯᠠᠭᠰᠠᠨ ᠲᠡᠦᠬᠡᠲᠡᠢ᠃

ᠮᠣᠩᠭᠣᠯ ᠤᠯᠤᠰ ᠤᠨ ᠴᠠᠭᠳᠠᠭ᠎ᠠ ᠶᠢᠨ ᠪᠠᠢᠢᠭᠤᠯᠤᠯᠭ᠎ᠠ ᠶᠢᠨ ᠲᠥᠪ᠂ ᠣᠷᠣᠨ ᠨᠤᠲᠤᠭ ᠤᠨ ᠠᠯᠪᠠᠳ᠂ ᠭᠠᠵᠠᠷ ᠬᠡᠯᠲᠡᠰ ᠡᠴᠡ ᠲᠥᠷᠦ ᠶᠢᠨ ᠳᠡᠭᠡᠳᠦ ᠣᠳᠣᠨ ᠢᠢᠠᠷ ᠱᠠᠩᠨᠠᠭᠳᠠᠭᠰᠠᠨ ᠬᠣᠶᠠᠷᠬᠠᠨ ᠪᠠᠢᠢᠭᠤᠯᠤᠯᠭ᠎ᠠ ᠪᠠᠢᠢᠳᠠᠭ᠃

ᠤᠯᠤᠰ ᠤᠨ ᠴᠠᠭᠳᠠᠨ ᠰᠡᠷᠭᠡᠢᠢᠯᠡᠬᠦ ᠶᠡᠷᠦᠩᠬᠡᠢ ᠭᠠᠵᠠᠷ ᠤᠨ ᠬᠡᠮᠵᠢᠶᠡᠨ ᠳᠦ ᠠᠵᠢᠯ᠂ ᠠᠮᠵᠢᠯᠲᠠ ᠪᠠᠷ ᠢᠢᠠᠨ ᠲᠡᠷᠢᠭᠦᠯᠡᠨ 1979᠂ 1980 ᠣᠨ ᠳᠤ 2 ᠵᠢᠯ ᠳᠠᠷᠠᠭᠠᠯᠠᠨ ᠲᠡᠷᠢᠭᠦᠨ ᠪᠠᠢᠢᠷᠢ ᠡᠵᠡᠯᠡᠵᠦ ᠰᠢᠯᠵᠢᠨ ᠶᠠᠪᠤᠬᠤ ᠤᠯᠠᠭᠠᠨ ᠲᠤᠭ ᠢ ᠡᠭᠦᠷᠢᠳᠡ ᠬᠠᠳᠠᠭᠠᠯᠠᠬᠤ ᠪᠠᠷ ᠱᠠᠩᠨᠠᠭᠳᠠᠭᠰᠠᠨ ᠵᠠᠪᠬᠠᠨ ᠠᠢᠢᠮᠠᠭ ᠤᠨ ᠴᠠᠭᠳᠠᠨ ᠰᠡᠷᠭᠡᠢᠢᠯᠡᠬᠦ ᠠᠩᠭᠢ ᠶᠢ ᠪᠦ‍᠂ ᠨᠠ᠊᠂ ᠮᠣ‍᠊᠂ ᠠ‍᠂ ᠤ‍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ 1981 ᠣᠨ ᠤ 07 ᠳ᠋ᠤᠭᠠᠷ ᠰᠠᠷ᠎ᠠ ᠶᠢᠨ 14 ᠍ ᠦ ᠡᠳᠦᠷ ᠦᠨ 243 ᠲᠣᠭᠠᠲᠤ ᠵᠠᠷᠯᠢᠭ ᠢᠢᠠᠷ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ᠂ ᠨᠡᠶᠢᠭᠡᠮ ᠦᠨ ᠬᠡᠪ ᠵᠢᠷᠤᠮ ᠰᠠᠬᠢᠭᠤᠯᠬᠤ ᠳᠤ ᠣᠷᠣᠭᠤᠯᠤᠭᠰᠠᠨ ᠬᠤᠪᠢ ᠨᠡᠮᠡᠷᠢ ᠶᠢ ᠦᠨᠡᠯᠡᠵᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ 60 ᠵᠢᠯ ᠦᠨ ᠣᠢ ᠪᠠᠷ ᠲᠥᠷᠦ ᠶᠢᠨ ᠳᠡᠭᠡᠳᠦ ᠱᠠᠩᠨᠠᠯ (ᠠᠯᠲᠠᠨᠭᠠᠳᠠᠰᠤ ᠣᠳᠤᠨ) ᠍ ᠪᠠᠷ ᠱᠠᠩᠨᠠᠵᠤ᠂ ᠠᠬᠠᠮᠠᠳ ᠲ ∙ ᠰᠠᠨᠳᠠᠭ-ᠸᠴᠢᠷ ᠢ ᠨᠡᠢᠢᠭᠡᠮ ᠢ ᠠᠶᠤᠯ ᠠᠴᠠ ᠬᠠᠮᠠᠭᠠᠯᠠᠬᠤ ᠶᠠᠮᠤᠨ ᠤ ᠰᠠᠢᠢᠳ ᠤᠨ ᠲᠤᠰᠢᠶᠠᠯ ᠢᠢᠠᠷ ᠬᠤᠭᠤᠴᠠᠭᠠᠨ ᠤ ᠡᠮᠦᠨ᠎ᠡ ᠬᠣᠰᠢᠭᠤᠴᠢ ᠴᠣᠯᠠ ᠪᠠᠷ ᠱᠠᠩᠨᠠᠭᠰᠠᠨ ᠪᠠᠢᠢᠨ᠎ᠠ᠃

ᠪᠦ‍᠂ ᠨᠠ᠊᠂ ᠮᠣ‍᠂ ᠠ᠊᠂ ᠤ‍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ 1984 ᠣᠨ ᠤ 07 ᠳ᠋ᠤᠭᠠᠷ ᠰᠠᠷ᠎ᠠ ᠶᠢᠨ 14 ᠍ ᠦ ᠡᠳᠦᠷ ᠦᠨ 139 ᠲᠣᠭᠠᠲᠤ ᠵᠠᠷᠯᠢᠭ ᠢᠢᠠᠷ ᠨᠡᠢᠢᠭᠡᠮ ᠢ ᠠᠶᠤᠯ ᠠᠴᠠ ᠬᠠᠮᠠᠭᠠᠯᠠᠬᠤ ᠶᠠᠮᠤᠨ ᠤ ᠴᠡᠷᠢᠭ ᠦᠨ ᠳᠡᠭᠡᠳᠦ ᠰᠤᠷᠭᠠᠭᠤᠯᠢ ᠶᠢ ᠪᠠᠢᠢᠭᠤᠯᠤᠯᠭ᠎ᠠ ᠶᠢᠨ ᠢᠢᠠᠨ ᠰᠢᠰᠲ᠋ᠧᠮ ᠳᠦ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ ᠳᠦ ᠴᠢᠬᠤᠯᠠ ᠡᠭᠦᠷᠭᠡ ᠭᠦᠢᠴᠡᠳᠭᠡᠨ ᠪᠠᠢᠢᠭ᠎ᠠ ᠶᠢ ᠲᠡᠮᠳᠡᠭᠯᠡᠨ ᠳᠡᠭᠡᠳᠦ ᠰᠤᠷᠭᠠᠭᠤᠯᠢ ᠪᠠᠢᠢᠭᠤᠯᠤᠭᠳᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ (ᠴᠡᠷᠢᠭ ᠦᠨ ᠭᠠᠪᠢᠶᠠᠨ ᠤ ᠣᠳᠣᠨ) ᠍ ᠪᠠᠷ ᠱᠠᠩᠨᠠᠭᠰᠠᠨ᠃

== ᠠᠷᠠᠳᠴᠢᠯᠠᠯ ᠤᠨ ᠦᠶ᠎ᠡ ᠪᠤᠶᠤ 1990 ᠣᠨ ᠡᠴᠡ ᠬᠣᠢᠢᠰᠢᠬᠢ ᠦᠶ᠎ᠡ ==
1990 ᠣᠨ ᠳᠤ ᠪᠣᠯᠤᠭᠰᠠᠨ ᠤᠯᠤᠰ ᠲᠥᠷᠦ᠂ ᠨᠡᠢᠢᠭᠡᠮ᠂ ᠡᠳ᠋ ᠍ ᠦᠨ ᠵᠠᠰᠠᠭ ᠤᠨ ᠰᠢᠨᠡᠳᠬᠡᠯ ᠦᠨ ᠬᠦᠷᠢᠶᠡᠨ ᠳᠦ ᠵᠠᠰᠠᠭ ᠤᠨ ᠭᠠᠵᠠᠷ ᠤᠨ ᠰᠢᠢᠳᠪᠦᠷᠢ ᠪᠡᠷ ᠤᠯᠤᠰ ᠤᠨ ᠴᠠᠭᠳᠠᠨ ᠰᠡᠷᠭᠡᠢᠢᠯᠡᠬᠦ ᠶᠡᠷᠦᠩᠬᠡᠢ ᠭᠠᠵᠠᠷ ᠢ ᠴᠠᠭᠳᠠᠭ᠎ᠠ ᠶᠢᠨ ᠶᠡᠷᠦᠩᠬᠡᠢ ᠭᠠᠵᠠᠷ ᠪᠣᠯᠭᠠᠨ ᠥᠭᠡᠷᠡᠴᠢᠯᠡᠨ ᠵᠣᠬᠢᠶᠠᠨ ᠪᠠᠶᠢᠭᠤᠯᠤᠭᠰᠠᠨ᠃

ᠴᠠᠭᠳᠠᠭ᠎ᠠ ᠶᠢᠨ ᠪᠠᠢᠢᠭᠤᠯᠤᠯᠭ᠎ᠠ ᠬᠥᠭᠵᠢᠯ ᠦᠨ ᠢᠢᠠᠨ ᠶᠠᠪᠤᠴᠠ ᠳᠤ ᠭᠠᠳᠠᠭᠠᠳᠤ ᠬᠠᠷᠢᠯᠴᠠᠭ᠎ᠠ ᠪᠠᠨ ᠬᠥᠭᠵᠢᠭᠦᠯᠬᠦ ᠳᠦ ᠠᠩᠬᠠᠷᠴᠤ ᠢᠷᠡᠭᠰᠡᠨ ᠢᠢᠠᠷ 1991 ᠣᠨ ᠳᠤ ᠣᠯᠠᠨ ᠤᠯᠤᠰ ᠤᠨ ᠴᠠᠭᠳᠠᠭ᠎ᠠ ᠶᠢᠨ ᠪᠠᠢᠢᠭᠤᠯᠤᠯᠭ᠎ᠠ (ᠢᠨᠲ᠋ᠧᠷᠫᠣᠯ) ᠍ ᠳᠦ ᠭᠡᠰᠢᠭᠦᠨ  ᠢᠢᠠᠷ  ᠡᠯᠡᠰᠴᠦ᠂ ᠳᠡᠯᠡᠬᠡᠢ ᠶᠢᠨ ᠤᠯᠤᠰ ᠣᠷᠣᠨ ᠨᠤᠭᠤᠳ ᠤᠨ ᠠᠳᠠᠯᠢ ᠴᠢᠭ᠌ ᠡᠭᠦᠷᠭᠡ ᠲᠡᠢ ᠮᠡᠷᠭᠡᠵᠢᠯ ᠦᠨ ᠪᠠᠶᠢᠭᠤᠯᠤᠯᠭ᠎ᠠ ᠨᠤᠭᠤᠳ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠪᠠᠨ ᠡᠬᠢᠯᠡᠭᠦᠯᠦᠨ ᠠᠵᠢᠯᠯᠠᠵᠤ ᠪᠠᠢᠢᠨ᠎ᠠ᠃

ᠤᠯᠤᠰ ᠤᠨ ᠶᠡᠬᠡ ᠬᠤᠷᠠᠯ ᠢᠢᠠᠷ 1993 ᠣᠨ ᠳᠤ (ᠴᠠᠭᠳᠠᠭ᠎ᠠ ᠶᠢᠨ ᠪᠠᠢᠢᠭᠤᠯᠤᠯᠭ᠎ᠠ ᠶᠢᠨ ᠲᠤᠬᠠᠢ ᠬᠠᠤᠯᠢ) ᠪᠠᠲᠤᠯᠠᠭᠰᠠᠨ ᠨᠢ ᠦᠢᠯᠡ ᠠᠵᠢᠯᠯᠠᠭ᠎ᠠ ᠪᠠᠨ ᠬᠠᠤᠯᠢ ᠶᠢ ᠳᠡᠭᠡᠳᠦᠯᠡᠬᠦ᠂ ᠰᠢᠳᠤᠷᠭᠤ ᠶᠣᠰᠣ᠂ ᠲᠡᠭᠰᠢ ᠪᠠᠢᠢᠳᠠᠯ ᠢ ᠬᠠᠩᠭᠠᠬᠤ᠂ ᠬᠦᠮᠦᠨ ᠦ ᠡᠷᠬᠡ᠂ ᠡᠷᠬᠡ ᠴᠢᠯᠦᠭᠡ ᠶᠢ ᠬᠦᠨᠳᠦᠳᠬᠡᠬᠦ ᠵᠠᠷᠴᠢᠮ ᠢᠢᠠᠷ ᠶᠠᠪᠤᠭᠤᠯᠬᠤ ᠡᠷᠬᠡ ᠵᠦᠢ ᠶᠢᠨ ᠦᠨᠳᠦᠰᠦ ᠪᠦᠷᠢᠳᠴᠦ᠂ ᠭᠡᠮᠲᠦ ᠬᠡᠷᠡᠭ ᠲᠡᠢ ᠲᠡᠮᠡᠴᠡᠬᠦ᠂ ᠨᠡᠢᠢᠭᠡᠮ ᠦᠨ ᠬᠡᠪ ᠵᠢᠷᠤᠮ ᠬᠠᠮᠠᠭᠠᠯᠠᠬᠤ ᠡᠭᠦᠷᠭᠡ ᠪᠦᠬᠦᠢ ᠲᠥᠷᠦ ᠶᠢᠨ ᠵᠠᠬᠢᠷᠭᠠᠨ ᠤ ᠪᠡᠶ᠎ᠡ ᠳᠠᠭᠠᠭᠰᠠᠨ ᠪᠠᠶᠢᠭᠤᠯᠤᠯᠭ᠎ᠠ ᠪᠣᠯᠤᠭᠰᠠᠨ ᠶᠤᠮ᠃

ᠡᠷᠬᠡ ᠵᠦᠢ ᠶᠢᠨ ᠰᠢᠨᠡᠳᠬᠡᠯ ᠢ ᠭᠦᠨᠵᠡᠭᠡᠢᠢᠷᠡᠭᠦᠯᠵᠦ᠂ ᠬᠠᠤᠯᠢ ᠶᠢᠨ ᠬᠡᠷᠡᠭᠵᠢᠭᠦᠯᠦᠯᠲᠡ ᠶᠢ ᠰᠠᠢᠢᠵᠢᠷᠠᠭᠤᠯᠬᠤ ᠵᠣᠷᠢᠯᠲᠠ ᠶᠢᠨ ᠬᠦᠷᠢᠶᠡᠨ ᠳᠦ ᠮᠣᠩᠭᠣᠯ ᠤᠯᠤᠰ ᠤᠨ ᠶᠡᠬᠡ ᠬᠤᠷᠠᠯ ᠠᠴᠠ 2002 ᠣᠨ ᠳᠤ ᠪᠠᠲᠤᠯᠠᠨ ᠭᠠᠷᠭᠠᠭᠰᠠᠨ ᠡᠷᠡᠭᠦᠦ ᠶᠢᠨ ᠪᠣᠯᠤᠨ ᠡᠷᠡᠭᠦᠦ ᠶᠢᠨ ᠪᠠᠢᠢᠴᠠᠭᠠᠨ ᠰᠢᠢᠳᠭᠡᠬᠦ ᠬᠠᠤᠯᠢ ᠶᠢᠨ ᠳᠠᠭᠠᠤ ᠴᠠᠭᠳᠠᠭ᠎ᠠ ᠶᠢᠨ ᠪᠠᠢᠢᠭᠤᠯᠤᠯᠭ᠎ᠠ ᠳᠤ ᠬᠡᠷᠡᠭ ᠪᠦᠷᠢᠳᠬᠡᠬᠦ ᠠᠵᠢᠯᠯᠠᠭ᠎ᠠ ᠲᠥᠪᠯᠡᠷᠡᠵᠦ᠂ ᠡᠷᠡᠭᠦᠦ ᠶᠢᠨ ᠴᠠᠭᠳᠠᠭ᠎ᠠ᠂ ᠮᠥᠷᠳᠡᠨ ᠪᠠᠢᠢᠴᠠᠭᠠᠬᠤ ᠠᠯᠪᠠᠳ ᠤᠨ ᠠᠵᠢᠯ ᠤᠨ ᠴᠢᠭ᠌ ᠡᠭᠦᠷᠭᠡ ᠳᠦ ᠥᠭᠡᠷᠡᠴᠢᠯᠡᠯᠲᠡ ᠣᠷᠣᠭᠰᠠᠨ ᠲᠡᠳᠦᠢ ᠦᠭᠡᠢ ᠠᠯᠪᠠᠨ ᠤ ᠰᠢᠭᠤᠷᠬᠠᠢ ᠪᠡᠯᠡᠨ ᠪᠠᠢᠢᠳᠠᠯ ᠳᠡᠭᠡᠭᠰᠢᠯᠡᠵᠦ᠂ ᠲᠧᠭᠨᠢᠭ᠂ ᠲᠤᠰᠬᠠᠢ ᠬᠡᠷᠡᠭᠰᠡᠯ ᠦᠨ ᠬᠠᠩᠭᠠᠮᠵᠢ᠂ ᠬᠦᠷᠦᠯᠴᠡᠭᠡ᠂ ᠬᠣᠯᠪᠣᠭᠠᠨ ᠤ ᠲᠧᠭᠨᠢᠭ ᠬᠡᠷᠡᠭᠰᠡᠯ ᠦᠨ ᠬᠦᠴᠦᠨ ᠴᠢᠳᠠᠯ ᠨᠡᠮᠡᠭᠳᠡᠭᠰᠡᠨ᠃

2000-2005 ᠣᠨ ᠳᠤ ᠴᠠᠭᠳᠠᠭ᠎ᠠ ᠶᠢᠨ ᠪᠠᠢᠢᠭᠤᠯᠤᠯᠭ᠎ᠠ ᠶᠢᠨ ᠦᠢᠯᠡᠴᠢᠯᠡᠭᠡ ᠶᠢ ᠢᠷᠭᠡᠳ ᠲᠦ ᠣᠢᠢᠷᠠᠲᠤᠭᠤᠯᠬᠤ᠂ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ ᠠᠵᠢᠯ ᠳᠤ ᠢᠷᠭᠡᠳ ᠣᠯᠠᠨ ᠨᠡᠢᠢᠲᠡ ᠶᠢᠨ ᠣᠷᠣᠯᠴᠠᠭ᠎ᠠ ᠶᠢ ᠰᠠᠢᠢᠵᠢᠷᠠᠭᠤᠯᠬᠤ ᠶᠢᠨ ᠲᠤᠯᠠᠳᠠ ᠮᠣᠩᠭᠣᠯ ᠤᠨ ᠨᠡᠭᠡᠭᠡᠯᠲᠡ ᠲᠡᠢ ᠨᠡᠢᠢᠭᠡᠮ ᠬᠦᠷᠢᠶᠡᠯᠡᠩ ᠲᠡᠢ ᠬᠠᠮᠲᠤᠷᠠᠨ (ᠴᠠᠭᠳᠠᠭ᠎ᠠ ᠢᠷᠭᠡᠳ ᠣᠯᠠᠨ ᠨᠡᠢᠢᠲᠡ ᠶᠢᠨ ᠬᠠᠮᠲᠤ ᠶᠢᠨ ᠠᠵᠢᠯᠯᠠᠭ᠎ᠠ) ᠲᠥᠰᠥᠯ᠂ ᠬᠥᠲᠥᠯᠪᠦᠷᠢ ᠶᠢ ᠬᠡᠷᠡᠭᠵᠢᠭᠦᠯᠦᠭᠰᠡᠨ ᠨᠢ ᠢᠷᠭᠡᠳ ᠡᠴᠡ ᠲᠥᠷᠥ ᠳᠡᠭᠡᠨ ᠪᠣᠯᠤᠨ ᠴᠠᠭᠳᠠᠭ᠎ᠠ ᠶᠢᠨ ᠪᠠᠢᠢᠭᠤᠯᠤᠯᠭ᠎ᠠ ᠳᠤ ᠢᠲᠡᠭᠡᠬᠦ ᠢᠲᠡᠭᠡᠯ ᠢ ᠳᠡᠭᠡᠭᠰᠢᠯᠡᠭᠦᠯᠬᠦ᠂ ᠴᠠᠭᠳᠠᠭ᠎ᠠ ᠢᠷᠭᠡᠳ ᠦᠨ ᠬᠠᠮᠲᠤ ᠶᠢᠨ ᠠᠵᠢᠯᠯᠠᠭ᠎ᠠ ᠶᠢ ᠰᠠᠢᠢᠵᠢᠷᠠᠭᠤᠯᠬᠤ ᠳᠤ ᠶᠡᠬᠡᠬᠡᠨ ᠠᠴᠢ ᠬᠣᠯᠪᠣᠭᠳᠠᠯᠲᠠᠢ ᠠᠵᠢᠯ ᠪᠣᠯᠤᠯ᠎ᠠ᠃

2007 ᠣᠨ ᠳᠤ ᠨᠡᠢᠢᠰᠯᠡᠯ ᠦᠨ ᠴᠠᠭᠳᠠᠭ᠎ᠠ ᠶᠢᠨ ᠭᠠᠵᠠᠷ ᠤᠨ ᠪᠦᠲᠦᠴᠡ ᠳᠦ ᠬᠥᠳᠡᠯᠭᠡᠭᠡᠨᠳᠦ ᠡᠷᠭᠢᠭᠦᠯ ᠦᠨ ᠭᠠᠵᠠᠷ ᠪᠠᠢᠢᠭᠤᠯᠤᠭᠳᠠᠵᠤ ᠠᠩᠬ᠎ᠠ ᠤᠳᠠᠭ᠎ᠠ ᠨᠡᠢᠢᠰᠯᠡᠯ ᠬᠣᠲᠠ ᠶᠢᠨ 4 ᠪᠥᠰᠡ 50 ᠬᠡᠰᠡᠭ ᠲᠦ ᠮᠠᠰᠢᠨᠳᠤ ᠡᠷᠭᠢᠭᠦᠯ ᠠᠵᠢᠯᠯᠠᠭᠤᠯᠵᠤ ᠪᠠᠢᠢᠭᠰᠠᠨ ᠪᠣᠯ ᠣᠳᠣ 77 ᠬᠡᠰᠡᠭ ᠲᠦ ᠡᠷᠭᠢᠭᠦᠯ ᠦᠨ ᠦᠢᠯᠡ ᠠᠵᠢᠯᠯᠠᠭ᠎ᠠ ᠶᠠᠪᠤᠭᠤᠯᠵᠤ᠂ ᠣᠷᠬᠣᠨ᠂ ᠭᠣᠪᠢᠰᠦ᠋ᠮᠪᠦᠷ᠂ ᠮᠠᠨᠳᠤᠯ᠂ ᠨᠠᠯᠠᠢᠢᠬᠤ ᠵᠡᠷᠭᠡ ᠠᠢᠢᠮᠠᠭ ᠣᠷᠣᠨ ᠨᠤᠲᠤᠭ ᠤᠨ ᠴᠠᠭᠳᠠᠭ᠎ᠠ ᠶᠢᠨ ᠭᠠᠵᠠᠷ᠂ ᠬᠡᠯᠲᠡᠰ ᠲᠦ ᠬᠥᠳᠡᠯᠭᠡᠭᠡᠨᠳᠦ ᠡᠷᠭᠢᠭᠦᠯ ᠠᠵᠢᠯᠯᠠᠬᠤ ᠪᠣᠯᠪᠠ᠃

ᠢᠷᠭᠡᠳ ᠦᠨ ᠠᠮᠤᠭᠤᠯᠠᠩ ᠲᠠᠢᠢᠪᠤᠩ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠲᠡᠳᠡᠨ ᠳᠦ ᠦᠵᠡᠭᠦᠯᠬᠦ ᠴᠠᠭᠳᠠᠭ᠎ᠠ ᠶᠢᠨ ᠠᠵᠢᠯ ᠦᠢᠯᠡᠴᠢᠯᠡᠭᠡ ᠶᠢ ᠰᠢᠭᠤᠷᠬᠠᠢ ᠪᠣᠯᠭᠠᠬᠤ ᠵᠣᠷᠢᠯᠭ᠎ᠠ ᠪᠠᠷ ᠰᠤᠮᠤ᠂ ᠬᠣᠷᠢᠶᠠᠨ ᠤ ᠨᠤᠲᠤᠭ ᠳᠡᠪᠢᠰᠬᠡᠷ ᠲᠦ ᠶᠠᠫᠣᠨ ᠤᠯᠤᠰ ᠤᠨ ᠴᠠᠭᠳᠠᠭ᠎ᠠ ᠶᠢᠨ ᠪᠠᠶᠢᠭᠤᠯᠤᠯᠭ᠎ᠠ ᠶᠢᠨ ᠲᠤᠷᠰᠢᠯᠭ᠎ᠠ ᠪᠠᠷ (ᠺᠣᠪᠠᠨ) ᠍ ᠤ ᠪᠠᠢᠢᠷᠢ ᠪᠠᠷᠢᠬᠤ ᠠᠷᠭ᠎ᠠ ᠬᠡᠮᠵᠢᠶ᠎ᠡ ᠶᠢ ᠪᠣᠳᠣᠯᠭ᠎ᠠ ᠶᠢᠨ ᠴᠢᠨᠠᠷᠲᠠᠢ ᠠᠪᠴᠤ ᠬᠡᠷᠡᠭᠵᠢᠭᠦᠯᠦᠭᠰᠡᠨ ᠦ ᠦᠷ᠎ᠡ ᠳ᠋ᠦᠩ ᠳᠦ ᠣᠯᠠᠨ ᠰᠤᠮᠤᠳ ᠲᠤ (ᠺᠣᠪᠠᠨ) ᠍ ᠤ ᠪᠠᠶᠢᠷᠢ ᠪᠠᠷᠢᠵᠤ᠂ ᠠᠰᠢᠭᠯᠠᠯᠲᠠ ᠳᠤ ᠣᠷᠣᠭᠤᠯᠤᠭᠰᠠᠨ ᠪᠠᠢᠢᠨ᠎ᠠ᠃

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠰᠢᠢᠳᠪᠦᠷᠢ ᠪᠡᠷ (ᠬᠣᠯᠪᠣᠭ᠎ᠠ᠂ ᠮᠡᠳᠡᠭᠡᠯᠡᠯ᠂ ᠬᠢᠨᠠᠯᠲᠠ᠂ ᠰᠢᠭᠤᠷᠬᠠᠢ ᠤᠳᠤᠷᠢᠳᠤᠯᠭ᠎ᠠ ᠶᠢᠨ ᠨᠢᠭᠡᠳᠦᠭᠰᠡᠨ ᠰᠢᠰᠲ᠋ᠧᠮ) ᠲᠥᠰᠦᠯ ᠢ ᠠᠮᠵᠢᠯᠲᠠ ᠲᠠᠢ ᠬᠡᠷᠡᠭᠵᠢᠭᠦᠯᠦᠭᠰᠡᠨ ᠢᠶᠡᠷ (ᠮᠡᠳᠡᠭᠡᠯᠡᠯ᠂ ᠰᠢᠭᠤᠷᠬᠠᠢ ᠤᠳᠤᠷᠢᠳᠤᠯᠭ᠎ᠠ ᠶᠢᠨ ᠲᠥᠪ) ᠍ ᠢ ᠰᠢᠨ᠎ᠡ ᠪᠡᠷ ᠪᠠᠶᠢᠭᠤᠯᠪᠠ᠃ ᠢᠩᠭᠢᠭᠰᠡᠨ ᠢᠢᠠᠷ ᠢᠷᠭᠡᠳ ᠦᠨ ᠠᠮᠤᠭᠤᠯᠠᠩ ᠲᠠᠢᠢᠪᠤᠩ᠂ ᠠᠶᠤᠯ ᠦᠭᠡᠢ ᠠᠮᠢᠳᠤᠷᠠᠬᠤ ᠳᠤ ᠴᠠᠭᠳᠠᠭ᠎ᠠ᠂ ᠣᠨᠴᠠᠭᠠᠢ ᠪᠠᠢᠢᠳᠠᠯ᠂ ᠡᠮᠨᠡᠯᠭᠡ ᠶᠢᠨ ᠠᠵᠢᠯ᠂ ᠦᠢᠯᠡᠴᠢᠯᠡᠭᠡ᠂ ᠲᠤᠰᠠᠯᠠᠮᠵᠢ ᠶᠢ ᠮᠡᠳᠡᠭᠡᠯᠡᠯ ᠦᠨ ᠨᠢᠭᠡᠳᠦᠭᠰᠡᠨ ᠰᠦᠯᠵᠢᠶ᠎ᠡ ᠪᠡᠷ ᠰᠢᠭᠤᠷᠬᠠᠢ ᠬᠦᠯᠢᠶᠡᠨ ᠠᠪᠴᠤ ᠦᠢᠯᠡᠴᠢᠯᠡᠬᠦ ᠡᠴᠡ ᠭᠠᠳᠠᠨ᠎ᠠ ᠨᠡᠢᠢᠰᠯᠡᠯ ᠬᠣᠲᠠ ᠶᠢᠨ ᠲᠣᠮᠣᠬᠠᠨ ᠵᠠᠮ᠂ ᠭᠤᠳᠤᠮᠵᠢ᠂ ᠲᠠᠯᠠᠪᠠᠢ᠂ ᠦᠢᠯᠡᠴᠢᠯᠡᠭᠡᠨ ᠦ ᠭᠠᠵᠠᠷ ᠢ ᠺᠠᠮᠧᠷ ᠤᠨ ᠬᠢᠨᠠᠯᠲᠠ ᠳᠤ ᠤᠷᠤᠭᠤᠯᠪᠠ᠃

02:09, 10 Хоёрдугаар сар 2022-ий байдлаарх одоогийн засвар

ᠴᠠᠭᠳᠠᠭ᠎ ‍ᠠ᠋ ‍ᠢᠢᠨ ᠪᠡᠯᠭᠡᠳᠡᠯ

ᠴᠠᠭᠳᠠᠭ᠎ᠠ ᠶᠢᠨ ᠪᠠᠢᠢᠭᠤᠯᠤᠯᠭ᠎ᠠ ᠡᠭᠦᠰᠭᠡᠨ ᠪᠠᠢᠢᠭᠤᠯᠤᠭᠳᠠᠭᠰᠠᠨ ᠴᠠᠭ ᠠᠴᠠ ᠪᠠᠨ ᠬᠣᠢᠢᠰᠢ ᠤᠯᠤᠰ ᠣᠷᠣᠨ ᠤ ᠨᠡᠢᠢᠭᠡᠮ᠂ ᠲᠥᠷᠦ ᠶᠢᠨ ᠪᠠᠢᠢᠭᠤᠯᠤᠮᠵᠢ ᠶᠢᠨ ᠬᠥᠭᠵᠢᠯ ᠦᠨ ᠪᠦᠬᠦᠢᠢᠯᠠ ᠦᠶ᠎ᠡ ᠱᠠᠲᠤ ᠨᠤᠭᠤᠳ ᠲᠤ ᠬᠥᠭᠵᠢᠵᠦ᠂ ᠪᠡᠬᠢᠵᠢᠵᠦ ᠢᠷᠡᠭᠰᠡᠨ ᠮᠣᠩᠭᠣᠯ ᠲᠥᠷᠦ ᠶᠢᠨ ᠤᠤᠭᠠᠨ ᠪᠠᠢᠢᠭᠤᠯᠤᠯᠭ᠎ᠠ ᠶᠢᠨ ᠨᠢᠭᠡ ᠶᠤᠮ᠃

ᠠᠩᠬᠠᠨ ᠤ ᠦᠨᠳᠦᠰᠦᠨ ᠬᠠᠤᠯᠢ ᠪᠠᠲᠤᠯᠠᠭᠳᠠᠬᠤ ᠶᠢᠨ ᠡᠮᠦᠨᠡᠬᠢ ᠦᠶ᠎ᠡ ( 1924 ᠣᠨ ᠬᠦᠷᠲᠡᠯ᠎ᠡ)[засварлах | кодоор засварлах]

ᠬᠤᠪᠢᠰᠬᠠᠯ ᠡᠴᠡ ᠡᠮᠦᠨᠠᠬᠢ ᠦᠶ ‍ᠡ᠋ ‍ᠢᠢᠨ ᠴᠠᠭᠳᠠᠭ᠎ ‍ᠠ᠋

1921 ᠣᠨ ᠳᠤ ᠠᠷᠠᠳ ᠤᠨ ᠵᠠᠰᠠᠭ ᠤᠨ ᠭᠠᠵᠠᠷ ᠤᠨ 6 ᠳ᠋ᠤᠭᠠᠷ ᠬᠤᠷᠠᠯ ᠢᠢᠠᠷ (ᠴᠠᠭᠳᠠᠭ᠎ᠠ ᠶᠢᠨ ᠲᠤᠬᠠᠢ) ᠬᠡᠯᠡᠯᠴᠡᠭᠡᠳ ᠠᠷᠠᠳ ᠲᠦᠮᠡᠨ ᠦ ᠠᠮᠢ ᠪᠡᠶ᠎ᠡ᠂ ᠡᠳ᠋ ᠬᠥᠷᠥᠩᠭᠡ ᠳᠦ ᠬᠠᠯᠳᠠᠭᠰᠠᠳ ᠲᠠᠢ ᠲᠡᠮᠡᠴᠡᠬᠦ᠂ ᠬᠡᠪ ᠵᠢᠷᠤᠮ᠂ ᠡᠩᠬᠡ ᠠᠮᠤᠭᠤᠯᠠᠩ ᠪᠠᠢᠢᠳᠠᠯ ᠢ ᠰᠠᠬᠢᠭᠤᠯᠬᠤ ᠡᠭᠦᠷᠭᠡ ᠪᠦᠬᠦᠢ (ᠰᠡᠷᠭᠡᠢᠢᠯᠡᠬᠦ ᠴᠡᠷᠢᠭ ᠦᠨ ᠰᠠᠯᠠᠭ᠎ᠠ) ᠍ ᠶᠢ ᠪᠠᠢᠢᠭᠤᠯᠤᠭᠰᠠᠨ ᠨᠢ ᠮᠣᠩᠭᠣᠯ ᠤᠯᠤᠰ ᠤᠨ ᠰᠢᠨ᠎ᠡ ᠦᠶ᠎ᠡ ᠶᠢᠨ ᠴᠠᠭᠳᠠᠭ᠎ᠠ ᠶᠢᠨ ᠪᠠᠢᠢᠭᠤᠯᠤᠯᠭ᠎ᠠ ᠶᠢᠨ ᠡᠭᠦᠰᠦᠯ ᠪᠣᠯᠵᠠᠢ᠃

1922 ᠣᠨ ᠳᠤ ᠨᠡᠢᠢᠰᠯᠡᠯ ᠬᠦᠷᠢᠶᠡᠨ ᠳᠦ 102 ᠬᠦᠮᠦᠨ ᠲᠡᠢ ᠴᠠᠭᠳᠠᠨ ᠰᠡᠷᠭᠡᠢᠢᠯᠡᠬᠦ ᠬᠣᠷᠢᠶ᠎ᠠ᠂ ᠠᠮᠤᠭᠤᠯᠠᠩ ᠪᠠᠭᠠᠲᠤᠷ ᠬᠣᠲᠠ ᠳᠤ 32 ᠬᠦᠮᠦᠨ ᠲᠡᠢ ᠴᠠᠭᠳᠠᠨ ᠰᠡᠷᠭᠡᠢᠢᠯᠡᠬᠦ ᠬᠡᠯᠲᠡᠰ ᠠᠵᠢᠯᠯᠠᠵᠤ ᠪᠠᠢᠢᠭᠰᠠᠨ ᠢ 1923 ᠣᠨ ᠳᠤ ᠨᠢᠭᠡᠳᠬᠡᠵᠦ᠂ 1924 ᠣᠨ ᠳᠤ 148 ᠬᠦᠮᠦᠨ ᠲᠡᠢ ᠠᠵᠢᠯᠯᠠᠵᠤ ᠪᠠᠢᠢᠵᠠᠢ᠃

ᠵᠠᠰᠠᠭ ᠤᠨ ᠭᠠᠵᠠᠷ ᠤᠨ 1923 ᠣᠨ ᠤ 18 ᠳ᠋ᠤᠭᠠᠷ ᠬᠤᠷᠠᠯ ᠢᠢᠠᠷ (ᠴᠠᠭᠳᠠᠨ ᠰᠡᠷᠭᠡᠢᠢᠯᠡᠬᠦ ᠶᠢᠨ ᠡᠷᠬᠡ ᠬᠡᠮᠵᠢᠶᠡᠨ ᠦ ᠳᠦᠷᠢᠮ) ᠍ ᠢ ᠪᠠᠲᠤᠯᠠᠵᠤ᠂ ᠴᠠᠭᠳᠠᠭ᠎ᠠ ᠶᠢᠨ ᠡᠭᠦᠷᠭᠡ ᠶᠢ᠄ (ᠭᠡᠮᠲᠦ ᠬᠡᠷᠡᠭ ᠲᠡᠢ ᠲᠡᠮᠡᠴᠡᠬᠦ᠂ ᠬᠠᠤᠯᠢ᠂ ᠳᠦᠷᠢᠮ ᠦᠨ ᠪᠡᠶᠡᠯᠡᠯᠲᠡ ᠳᠦ ᠬᠢᠨᠠᠯᠲᠠ ᠲᠠᠯᠪᠢᠬᠤ᠂ ᠬᠡᠪ ᠵᠢᠷᠤᠮ᠂ ᠠᠷᠢᠭᠤᠨ ᠴᠡᠪᠡᠷ ᠢ ᠰᠠᠬᠢᠭᠤᠯᠬᠤ᠂ ᠭᠠᠷᠤᠭᠰᠠᠨ ᠬᠡᠷᠡᠭ᠂ ᠵᠥᠷᠢᠴᠡᠯ ᠳᠦ ᠠᠷᠭ᠎ᠠ ᠬᠡᠮᠵᠢᠶ᠎ᠡ ᠠᠪᠬᠤ᠂ ᠡᠯᠴᠢᠨ᠂ ᠺᠣᠨ᠋ᠰᠦ᠋ᠯ  ᠢ ᠬᠠᠮᠠᠭᠠᠯᠠᠬᠤ᠂ ᠡᠷᠭᠢᠭᠦᠯ᠂ ᠮᠠᠨᠠᠭ᠎ᠠ ᠬᠢᠬᠦ᠂ ᠭᠠᠯ ᠲᠦᠢᠮᠡᠷ ᠢ ᠰᠡᠷᠭᠡᠢᠢᠯᠡᠬᠦ᠂ ᠰᠥᠨᠦᠭᠡᠬᠦ ᠶᠠᠪᠤᠳᠠᠯ) ᠭᠡᠳ ᠵᠠᠰᠠᠭ ᠤᠨ ᠭᠠᠵᠠᠷ᠂ ᠣᠯᠠᠨ ᠶᠠᠮᠤᠳ ᠠᠴᠠ ᠵᠢᠭᠠᠵᠤ᠂ ᠲᠤᠰᠢᠶᠠᠭᠰᠠᠨ ᠨᠡᠮᠡᠭᠳᠡᠯ ᠡᠭᠦᠷᠭᠡ ᠶᠢ ᠪᠡᠶᠡᠯᠡᠭᠦᠯᠬᠦ ᠪᠡᠷ ᠵᠢᠭᠠᠭᠰᠠᠨ ᠪᠠᠢᠢᠨ᠎ᠠ᠃

ᠠᠩᠬᠠᠨ ᠤ ᠦᠨᠳᠦᠰᠦᠨ ᠬᠠᠤᠯᠢ ᠶᠢᠨ ᠡᠮᠦᠨᠡᠬᠢ ᠦᠶ᠎ᠡ (1924-1940)[засварлах | кодоор засварлах]

1924 ᠣᠨ ᠳᠤ ᠬᠤᠷᠠᠯᠳᠤᠭᠰᠠᠨ ᠤᠯᠤᠰ ᠤᠨ ᠠᠩᠬᠠᠳᠤᠭᠠᠷ ᠶᠡᠬᠡ ᠬᠤᠷᠠᠯ ᠠᠴᠠ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢ ᠳᠣᠲᠣᠭᠠᠳᠤ ᠶᠠᠮᠤᠨ ᠤ ᠬᠠᠷᠢᠶᠠᠨ ᠳᠤ ᠰᠢᠯᠵᠢᠭᠦᠯᠦᠨ (ᠤᠯᠤᠰ ᠤᠨ ᠴᠠᠭᠳᠠᠨ ᠰᠡᠷᠭᠡᠢᠢᠯᠡᠬᠦ ᠶᠡᠷᠦᠩᠬᠡᠢ ᠭᠠᠵᠠᠷ) ᠍ ᠶᠢ ᠪᠠᠢᠢᠭᠤᠯᠵᠤ᠂ ᠠᠢᠢᠮᠠᠭ᠂ ᠬᠣᠰᠢᠭᠤ ᠨᠤᠭᠤᠳ ᠲᠤ ᠴᠠᠭᠳᠠᠨ ᠰᠡᠷᠭᠡᠢᠢᠯᠡᠬᠦ ᠨᠢᠭᠡᠴᠡ ᠪᠠᠢᠢᠭᠤᠯᠬᠤ ᠪᠠᠷ ᠰᠢᠢᠳᠪᠦᠷᠢᠯᠡᠵᠦ᠂ ᠬᠦᠮᠦᠨ ᠠᠮᠠ᠂ ᠭᠠᠳᠠᠭᠠᠳᠤ ᠶᠢᠨ ᠮᠥᠩᠭᠥ ᠬᠦᠦᠯᠡᠭᠴᠢᠳ ᠲᠥᠪᠯᠡᠷᠡᠵᠦ ᠪᠠᠢᠢᠭᠰᠠᠨ ᠤᠯᠢᠶᠠᠰᠤᠲᠠᠢ ᠬᠣᠲᠠ ᠳᠤ ᠪᠠᠭ᠎ᠠ ᠳᠠᠷᠤᠭ᠎ᠠ 1᠂ ᠴᠠᠭᠳᠠᠭ᠎ᠠ 4 ᠍ ᠶᠢ ᠠᠵᠢᠯᠯᠠᠭᠤᠯᠬᠤ ᠪᠣᠯᠤᠭᠰᠠᠨ ᠨᠢ ᠣᠷᠣᠨ ᠨᠤᠲᠤᠭ ᠲᠠᠬᠢ ᠴᠠᠭᠳᠠᠭ᠎ᠠ ᠢᠢᠨ ᠪᠠᠢᠢᠭᠤᠯᠤᠯᠭ᠎ᠠ ᠶᠢᠨ ᠠᠩᠬᠠᠨ ᠤ ᠰᠠᠯᠪᠤᠷᠢ ᠨᠢ ᠪᠠᠢᠢᠪᠠ᠃

1934-1940 ᠣᠨ ᠤ ᠦᠶ᠎ᠡ ᠳᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠳᠤ ᠲᠤᠰᠬᠠᠢᠢᠯᠠᠭᠰᠠᠨ ᠴᠢᠭ᠌ ᠡᠭᠦᠷᠭᠡ ᠪᠦᠬᠦᠢ ᠲᠥᠷᠦᠯᠵᠢᠭᠰᠡᠨ ᠮᠡᠷᠭᠡᠵᠢᠯ ᠦᠨ ᠠᠯᠪᠠᠳ᠂ ᠠᠢᠢᠮᠠᠭ᠂ ᠬᠣᠲᠠ ᠳᠤ ᠴᠠᠭᠳᠠᠨ ᠰᠡᠷᠭᠡᠢᠢᠯᠡᠬᠦ ᠠᠩᠭᠢ ᠪᠤᠢ ᠪᠣᠯᠵᠤ ᠦᠢᠯᠡ ᠠᠵᠢᠯᠯᠠᠭ᠎ᠠ ᠨᠢ ᠥᠷᠭᠡᠵᠢᠭᠰᠡᠨ ᠶᠤᠮ᠃

ᠡᠨᠡ ᠣᠨ ᠵᠢᠯ ᠦᠳ ᠲᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ ᠡᠭᠦᠷᠭᠡ ᠨᠢ ᠲᠤᠰᠠᠭᠠᠷ ᠲᠣᠭᠲᠠᠨᠢᠯ᠂ ᠠᠷᠠᠳ ᠤᠨ ᠬᠤᠪᠢᠰᠬᠠᠯ ᠤᠨ ᠣᠯᠤᠯᠲᠠ ᠶᠢ ᠪᠠᠲᠤᠳᠬᠠᠬᠤ᠂ ᠳᠠᠢᠢᠨ ᠤ ᠪᠣᠯᠤᠨ ᠪᠦᠲᠦᠭᠡᠨ ᠪᠠᠢᠢᠭᠤᠯᠤᠯᠲᠠ ᠶᠢᠨ ᠵᠢᠯ ᠦᠳ ᠲᠦ ᠤᠯᠤᠰ ᠣᠷᠣᠨ ᠤ ᠠᠶᠤᠯ ᠦᠭᠡᠢ ᠪᠠᠢᠢᠳᠠᠯ ᠢ ᠬᠠᠩᠭᠠᠬᠤ ᠳᠤ ᠲᠤᠰ ᠲᠤᠰ ᠴᠢᠭᠯᠡᠭᠳᠡᠵᠦ ᠪᠠᠢᠢᠪᠠ᠃

ᠬᠣᠶᠠᠳᠤᠭᠠᠷ ᠦᠨᠦᠳᠦᠰᠦᠨ ᠬᠠᠤᠯᠢ ᠶᠢᠨ ᠦᠶ᠎ᠡ (1940-1960)[засварлах | кодоор засварлах]

1940 - 1960 ᠣᠨ ᠳᠤ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠰᠢᠨ᠎ᠡ ᠦᠨᠳᠦᠰᠦᠨ ᠬᠠᠤᠯᠢ᠂ ᠡᠷᠡᠭᠦᠦ᠂ ᠡᠷᠡᠭᠦᠦ ᠶᠢᠨ ᠪᠠᠢᠢᠴᠠᠭᠠᠨ ᠰᠢᠢᠳᠭᠡᠬᠦ ᠬᠠᠤᠯᠢ᠂ ᠪᠤᠰᠤᠳ ᠬᠠᠤᠯᠢ ᠲᠣᠭᠲᠠᠭᠠᠮᠵᠢ ᠶᠢ ᠬᠡᠷᠡᠭᠵᠢᠭᠦᠯᠬᠦ ᠵᠣᠷᠢᠯᠭ᠎ᠠ ᠪᠠᠷ ᠬᠦᠮᠦᠨ ᠦ ᠠᠮᠢ᠂ ᠳᠡᠭᠡᠷᠡᠮ᠂ ᠬᠤᠯᠠᠭᠠᠢ᠂ ᠥᠮᠴᠢ ᠠᠰᠢᠭᠯᠠᠬᠤ᠂ ᠳᠠᠮ ᠤᠨ ᠨᠠᠢᠢᠮᠠᠭ᠎ᠠ ᠬᠢᠭᠴᠢᠳ᠂ ᠲᠠᠩᠬᠠᠢᠢᠷᠠᠭᠴᠢᠳ᠂ ᠬᠠᠤᠯᠢ ᠶᠣᠰᠣ ᠵᠥᠷᠢᠴᠡᠭᠴᠢᠳ ᠲᠡᠢ ᠲᠡᠮᠡᠴᠡᠬᠦ᠂ ᠢᠷᠭᠡᠳ ᠢ ᠫᠠᠰᠫᠣᠷᠲ᠋ᠵᠢᠭᠤᠯᠬᠤ᠂ ᠭᠡᠷ ᠪᠦᠯᠢ ᠶᠢᠨ ᠪᠠᠢᠢᠳᠠᠯ ᠢ ᠪᠦᠷᠢᠳᠬᠡᠬᠦ᠂ ᠬᠡᠷᠡᠭ ᠪᠦᠷᠢᠳᠬᠡᠬᠦ᠂ ᠮᠥᠷᠳᠡᠨ ᠪᠠᠢᠢᠴᠠᠭᠠᠬᠤ ᠠᠯᠪᠠ ᠶᠢ ᠪᠡᠬᠢᠵᠢᠭᠦᠯᠬᠦ ᠳᠦ ᠦᠢᠯᠡ ᠠᠵᠢᠯᠯᠠᠭ᠎ᠠ ᠪᠠᠨ ᠴᠢᠭᠯᠡᠭᠦᠯᠵᠦ ᠠᠵᠢᠯᠯᠠᠭᠰᠠᠨ ᠪᠠᠢᠢᠨ᠎ᠠ᠃

ᠭᠤᠳᠤᠭᠠᠷ ᠦᠨᠦᠳᠦᠰᠦᠨ ᠬᠠᠤᠯᠢ ᠶᠢᠨ ᠦᠶ᠎ᠡ (1960-1990)[засварлах | кодоор засварлах]

ᠮᠣᠷᠢᠲᠤ ᠡᠷᠭᠢᠭᠦᠯ

1960-1990 ᠣᠨ ᠳᠤ ᠴᠠᠭᠳᠠᠭ᠎ᠠ ᠶᠢᠨ ᠪᠠᠢᠢᠭᠤᠯᠤᠯᠭ᠎ᠠ ᠶᠢᠨ ᠪᠦᠲᠦᠴᠡ᠂ ᠵᠣᠬᠢᠶᠠᠨ ᠪᠠᠶᠢᠭᠤᠯᠤᠯᠲᠠ ᠥᠷᠭᠡᠵᠢᠨ ᠲᠥᠷᠥᠯ ᠮᠡᠷᠭᠡᠵᠢᠯ ᠦᠨ ᠠᠯᠪᠠᠳ ᠲᠠᠢ ᠪᠣᠯᠵᠤ᠂ ᠲᠡᠳᠡᠭᠡᠷ ᠢ ᠮᠡᠷᠭᠡᠵᠢᠯ ᠦᠨ ᠤᠳᠤᠷᠢᠳᠤᠯᠭ᠎ᠠ᠂ ᠠᠵᠢᠯ ᠤᠨ ᠤᠶᠠᠯᠳᠤᠭ᠎ᠠ ᠬᠣᠯᠪᠣᠭ᠎ᠠ ᠪᠠᠷ ᠬᠠᠩᠭᠠᠵᠤ᠂ ᠮᠡᠷᠭᠡᠰᠢᠭᠦᠯᠬᠦ ᠠᠵᠢᠯ ᠳᠤ ᠲᠦᠯᠬᠢᠭᠦᠦ ᠠᠩᠬᠠᠷᠴᠤ᠂ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ ᠠᠵᠢᠯ ᠳᠤ ᠲᠧᠭᠨᠢᠭ ᠬᠡᠷᠡᠭᠰᠡᠯ᠂ ᠰᠢᠨᠵᠢᠯᠡᠬᠦ ᠤᠬᠠᠭᠠᠨ ᠤ ᠣᠯᠤᠯᠲᠠ᠂ ᠲᠡᠷᠢᠭᠦᠨ ᠲᠤᠷᠰᠢᠯᠭ᠎ᠠ ᠶᠢ ᠨᠡᠪᠲᠡᠷᠡᠭᠦᠯᠵᠦ᠂ ᠮᠠᠲ᠋ᠧᠷᠢᠶᠠᠯᠯᠢᠭ ᠪᠠᠭᠠᠵᠢ ᠨᠢ ᠤᠯᠠᠮ ᠪᠡᠬᠢᠵᠢᠭᠰᠡᠨ᠃

1966 ᠣᠨ ᠳᠤ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ 45 ᠵᠢᠯ ᠦᠨ ᠣᠢ ᠶᠢ ᠨᠢ ᠲᠣᠬᠢᠶᠠᠯᠳᠤᠭᠤᠯᠤᠨ ᠲᠥᠷᠦ᠂ ᠠᠷᠠᠳ ᠲᠦᠮᠡᠨ ᠦ ᠪᠡᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦᠲᠡᠢ ᠪᠡᠶᠡᠯᠡᠭᠦᠯᠵᠦ ᠢᠷᠡᠭᠰᠡᠨ ᠢ ᠥᠨᠳᠦᠷ ᠢᠢᠠᠷ ᠦᠨᠡᠯᠡᠵᠦ (ᠪᠠᠢᠢᠯᠳᠤᠭᠠᠨ ᠤ ᠭᠠᠪᠢᠶᠠᠨ ᠤ ᠤᠯᠠᠭᠠᠨ ᠲᠤᠭ ᠤᠨ ᠣᠳᠤᠨ) ᠍ ᠪᠠᠷ ᠱᠠᠩᠨᠠᠭᠰᠠᠨ ᠶᠤᠮ᠃

1966 ᠣᠨ ᠤ 7 ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠ ᠳᠤ ᠶᠡᠬᠡ ᠦᠶᠡᠷ ᠪᠣᠯᠵᠤ ᠲᠡᠭᠦᠨ ᠡᠴᠡ ᠤᠯᠤᠰ᠂ ᠣᠯᠠᠨ ᠨᠡᠢᠢᠲᠡ ᠂ ᠢᠷᠭᠡᠳ ᠦᠨ ᠥᠮᠴᠢ ᠬᠥᠷᠥᠩᠭᠡ᠂ ᠠᠮᠢ ᠪᠡᠶ᠎ᠡ ᠶᠢ ᠠᠪᠤᠷᠠᠨ ᠬᠠᠮᠠᠭᠠᠯᠠᠬᠤ ᠶᠡᠬᠡ ᠦᠢᠯᠡᠰ ᠲᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ ᠠᠵᠢᠯᠲᠠᠨ ᠨᠤᠭᠤᠳ ᠪᠠᠭᠠᠲᠤᠷᠯᠢᠭ ᠭᠠᠪᠢᠶ᠎ᠠ ᠪᠠᠢᠢᠭᠤᠯᠵᠤ ᠠᠵᠢᠯᠯᠠᠭᠰᠠᠨ ᠲᠡᠦᠬᠡᠲᠡᠢ᠃

ᠮᠣᠩᠭᠣᠯ ᠤᠯᠤᠰ ᠤᠨ ᠴᠠᠭᠳᠠᠭ᠎ᠠ ᠶᠢᠨ ᠪᠠᠢᠢᠭᠤᠯᠤᠯᠭ᠎ᠠ ᠶᠢᠨ ᠲᠥᠪ᠂ ᠣᠷᠣᠨ ᠨᠤᠲᠤᠭ ᠤᠨ ᠠᠯᠪᠠᠳ᠂ ᠭᠠᠵᠠᠷ ᠬᠡᠯᠲᠡᠰ ᠡᠴᠡ ᠲᠥᠷᠦ ᠶᠢᠨ ᠳᠡᠭᠡᠳᠦ ᠣᠳᠣᠨ ᠢᠢᠠᠷ ᠱᠠᠩᠨᠠᠭᠳᠠᠭᠰᠠᠨ ᠬᠣᠶᠠᠷᠬᠠᠨ ᠪᠠᠢᠢᠭᠤᠯᠤᠯᠭ᠎ᠠ ᠪᠠᠢᠢᠳᠠᠭ᠃

ᠤᠯᠤᠰ ᠤᠨ ᠴᠠᠭᠳᠠᠨ ᠰᠡᠷᠭᠡᠢᠢᠯᠡᠬᠦ ᠶᠡᠷᠦᠩᠬᠡᠢ ᠭᠠᠵᠠᠷ ᠤᠨ ᠬᠡᠮᠵᠢᠶᠡᠨ ᠳᠦ ᠠᠵᠢᠯ᠂ ᠠᠮᠵᠢᠯᠲᠠ ᠪᠠᠷ ᠢᠢᠠᠨ ᠲᠡᠷᠢᠭᠦᠯᠡᠨ 1979᠂ 1980 ᠣᠨ ᠳᠤ 2 ᠵᠢᠯ ᠳᠠᠷᠠᠭᠠᠯᠠᠨ ᠲᠡᠷᠢᠭᠦᠨ ᠪᠠᠢᠢᠷᠢ ᠡᠵᠡᠯᠡᠵᠦ ᠰᠢᠯᠵᠢᠨ ᠶᠠᠪᠤᠬᠤ ᠤᠯᠠᠭᠠᠨ ᠲᠤᠭ ᠢ ᠡᠭᠦᠷᠢᠳᠡ ᠬᠠᠳᠠᠭᠠᠯᠠᠬᠤ ᠪᠠᠷ ᠱᠠᠩᠨᠠᠭᠳᠠᠭᠰᠠᠨ ᠵᠠᠪᠬᠠᠨ ᠠᠢᠢᠮᠠᠭ ᠤᠨ ᠴᠠᠭᠳᠠᠨ ᠰᠡᠷᠭᠡᠢᠢᠯᠡᠬᠦ ᠠᠩᠭᠢ ᠶᠢ ᠪᠦ‍᠂ ᠨᠠ᠊᠂ ᠮᠣ‍᠊᠂ ᠠ‍᠂ ᠤ‍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ 1981 ᠣᠨ ᠤ 07 ᠳ᠋ᠤᠭᠠᠷ ᠰᠠᠷ᠎ᠠ ᠶᠢᠨ 14 ᠍ ᠦ ᠡᠳᠦᠷ ᠦᠨ 243 ᠲᠣᠭᠠᠲᠤ ᠵᠠᠷᠯᠢᠭ ᠢᠢᠠᠷ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ᠂ ᠨᠡᠶᠢᠭᠡᠮ ᠦᠨ ᠬᠡᠪ ᠵᠢᠷᠤᠮ ᠰᠠᠬᠢᠭᠤᠯᠬᠤ ᠳᠤ ᠣᠷᠣᠭᠤᠯᠤᠭᠰᠠᠨ ᠬᠤᠪᠢ ᠨᠡᠮᠡᠷᠢ ᠶᠢ ᠦᠨᠡᠯᠡᠵᠦ ᠴᠠᠭᠳᠠᠨ ᠰᠡᠷᠭᠡᠢᠢᠯᠡᠬᠦ ᠪᠠᠢᠢᠭᠤᠯᠤᠯᠭ᠎ᠠ ᠶᠢᠨ 60 ᠵᠢᠯ ᠦᠨ ᠣᠢ ᠪᠠᠷ ᠲᠥᠷᠦ ᠶᠢᠨ ᠳᠡᠭᠡᠳᠦ ᠱᠠᠩᠨᠠᠯ (ᠠᠯᠲᠠᠨᠭᠠᠳᠠᠰᠤ ᠣᠳᠤᠨ) ᠍ ᠪᠠᠷ ᠱᠠᠩᠨᠠᠵᠤ᠂ ᠠᠬᠠᠮᠠᠳ ᠲ ∙ ᠰᠠᠨᠳᠠᠭ-ᠸᠴᠢᠷ ᠢ ᠨᠡᠢᠢᠭᠡᠮ ᠢ ᠠᠶᠤᠯ ᠠᠴᠠ ᠬᠠᠮᠠᠭᠠᠯᠠᠬᠤ ᠶᠠᠮᠤᠨ ᠤ ᠰᠠᠢᠢᠳ ᠤᠨ ᠲᠤᠰᠢᠶᠠᠯ ᠢᠢᠠᠷ ᠬᠤᠭᠤᠴᠠᠭᠠᠨ ᠤ ᠡᠮᠦᠨ᠎ᠡ ᠬᠣᠰᠢᠭᠤᠴᠢ ᠴᠣᠯᠠ ᠪᠠᠷ ᠱᠠᠩᠨᠠᠭᠰᠠᠨ ᠪᠠᠢᠢᠨ᠎ᠠ᠃

ᠪᠦ‍᠂ ᠨᠠ᠊᠂ ᠮᠣ‍᠂ ᠠ᠊᠂ ᠤ‍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ 1984 ᠣᠨ ᠤ 07 ᠳ᠋ᠤᠭᠠᠷ ᠰᠠᠷ᠎ᠠ ᠶᠢᠨ 14 ᠍ ᠦ ᠡᠳᠦᠷ ᠦᠨ 139 ᠲᠣᠭᠠᠲᠤ ᠵᠠᠷᠯᠢᠭ ᠢᠢᠠᠷ ᠨᠡᠢᠢᠭᠡᠮ ᠢ ᠠᠶᠤᠯ ᠠᠴᠠ ᠬᠠᠮᠠᠭᠠᠯᠠᠬᠤ ᠶᠠᠮᠤᠨ ᠤ ᠴᠡᠷᠢᠭ ᠦᠨ ᠳᠡᠭᠡᠳᠦ ᠰᠤᠷᠭᠠᠭᠤᠯᠢ ᠶᠢ ᠪᠠᠢᠢᠭᠤᠯᠤᠯᠭ᠎ᠠ ᠶᠢᠨ ᠢᠢᠠᠨ ᠰᠢᠰᠲ᠋ᠧᠮ ᠳᠦ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ ᠳᠦ ᠴᠢᠬᠤᠯᠠ ᠡᠭᠦᠷᠭᠡ ᠭᠦᠢᠴᠡᠳᠭᠡᠨ ᠪᠠᠢᠢᠭ᠎ᠠ ᠶᠢ ᠲᠡᠮᠳᠡᠭᠯᠡᠨ ᠳᠡᠭᠡᠳᠦ ᠰᠤᠷᠭᠠᠭᠤᠯᠢ ᠪᠠᠢᠢᠭᠤᠯᠤᠭᠳᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ (ᠴᠡᠷᠢᠭ ᠦᠨ ᠭᠠᠪᠢᠶᠠᠨ ᠤ ᠣᠳᠣᠨ) ᠍ ᠪᠠᠷ ᠱᠠᠩᠨᠠᠭᠰᠠᠨ᠃

ᠠᠷᠠᠳᠴᠢᠯᠠᠯ ᠤᠨ ᠦᠶ᠎ᠡ ᠪᠤᠶᠤ 1990 ᠣᠨ ᠡᠴᠡ ᠬᠣᠢᠢᠰᠢᠬᠢ ᠦᠶ᠎ᠡ[засварлах | кодоор засварлах]