Баттулга, Боржигин Халтмаагийн
ᠲᠦᠷᠦᠭᠰᠡᠨ ᠣᠩᠨᠠᠭ᠎ᠠ᠄ 1963 ᠣᠨ ᠤ 3 ᠰᠠᠷ᠎ᠠ ᠶᠢᠨ 3 ᠲᠦᠷᠦᠭᠰᠡᠨ ᠭᠠᠵᠠᠷ᠄ ᠮᠣᠩᠭᠣᠯ ᠤᠯᠤᠰ᠂ ᠤᠯᠠᠭᠠᠨᠪᠠᠭᠠᠲᠤᠷ ᠬᠣᠲᠠ ᠢᠷᠭᠡᠨ ᠦ ᠬᠠᠷᠢᠶᠠᠯᠠᠯ᠄ ᠮᠣᠩᠭᠣᠯ ᠤᠯᠤᠰ ᠦᠢᠯᠡ ᠠᠵᠢᠯᠯᠠᠭ᠎ᠠ᠄ ᠤᠯᠤᠰ ᠲᠥᠷᠦᠴᠢ᠂ ᠵᠦᠳᠣ᠋ ᠶᠢᠨ ᠲᠠᠮᠢᠷᠴᠢᠨ᠂ ᠪᠢᠽᠢᠨ᠋ᠧᠰ ᠡᠷᠬᠢᠯᠡᠭᠴᠢ ᠭᠠᠳᠠᠭᠠᠳᠤ ᠬᠡᠯᠡ᠄ ᠠᠩᠯᠢ᠂ ᠣᠷᠣᠰ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ 3 ᠤᠳᠠᠭ᠎ᠠ᠂ ᠵᠠᠰᠠᠭ ᠤᠨ ᠭᠠᠵᠠᠷ ᠤᠨ ᠭᠡᠰᠢᠭᠦᠨ᠂ ᠰᠠᠶᠢᠳ ᠢᠶᠠᠷ 2 ᠤᠳᠠᠭ᠎ᠠ ᠠᠵᠢᠯᠯᠠᠭᠰᠠᠨ ᠣᠯᠠᠨ ᠤᠯᠤᠰ ᠤᠨ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠬᠤ ᠲᠤᠷᠰᠢᠯᠭ᠎ᠠ ᠲᠠᠢ ᠬᠤᠪᠢ ᠶᠢᠨ ᠬᠡᠪᠰᠢᠯ ᠦᠨ ᠲᠠᠯ᠎ᠠ ᠪᠠᠷ ᠭᠦᠨᠵᠡᠭᠡᠢ ᠮᠡᠳᠡᠯᠭᠡ᠂ ᠲᠤᠷᠰᠢᠯᠭ᠎ᠠ ᠲᠠᠢ᠃
ᠨᠠᠮᠲᠠᠷ
ᠪᠣᠷᠵᠢᠭᠢᠨ ᠬᠠᠯᠲᠠᠮ᠎ᠠ ᠶᠢᠨ ᠪᠠᠲᠤᠲᠤᠯᠭ᠎ᠠ 1963 ᠣᠨ ᠳᠤ ᠤᠯᠠᠭᠠᠨᠪᠠᠭᠠᠲᠤᠷ ᠬᠣᠲᠠ ᠳᠤ ᠡᠴᠢᠭᠡ ᠬᠠᠯᠲᠠᠮ᠎ᠠ᠂ ᠡᠬᠡ ᠳᠣᠯᠵᠢᠨᠰᠦ᠋ᠷᠦᠩ ᠦᠨ ᠬᠣᠶᠠᠷ ᠳᠠᠬᠢ ᠬᠡᠦᠬᠡᠳ ᠪᠣᠯᠤᠨ ᠮᠡᠨᠳᠦᠯᠡᠵᠡᠢ᠃ ᠬᠠ᠊ ∙ ᠪᠠᠲᠤᠲᠤᠯᠭ᠎ᠠ ᠤᠯᠠᠭᠠᠨᠪᠠᠭᠠᠲᠤᠷ ᠬᠣᠲᠠ ᠶᠢᠨ 34 ᠳᠦᠭᠡᠷ ᠰᠤᠷᠭᠠᠭᠤᠯᠢ᠂ ᠳᠦᠷᠰᠦᠯᠡᠬᠦ ᠤᠷᠠᠯᠢᠭ ᠤᠨ ᠳᠤᠮᠳᠠ ᠰᠤᠷᠭᠠᠭᠤᠯᠢ ᠶᠢ ᠲᠤᠰ ᠲᠤᠰ ᠳᠦᠭᠦᠷᠭᠡᠵᠦ᠂ ᠵᠢᠷᠤᠭᠠᠴᠢ ᠮᠡᠷᠭᠡᠵᠢᠯ ᠡᠵᠡᠮᠰᠢᠵᠡᠢ᠃
ᠬᠠ᠊ ∙ ᠪᠠᠲᠤᠲᠤᠯᠭ᠎ᠠ 1982 ᠣᠨ ᠳᠤ 19 ᠨᠠᠰᠤᠨ ᠳᠤ ᠪᠠᠨ ᠤᠷᠠᠴᠤᠳ ᠤᠨ ᠡᠪᠯᠡᠯ ᠦᠨ ᠬᠣᠷᠢᠶᠠᠨ ᠳᠤ ᠵᠢᠷᠤᠭᠠᠴᠢ ᠶᠢᠨ ᠠᠵᠢᠯ ᠢᠶᠠᠷ ᠬᠥᠳᠡᠯᠮᠦᠷᠢ ᠶᠢᠨ ᠭᠠᠷᠤᠭ᠎ᠠ ᠪᠠᠨ ᠡᠬᠢᠯᠡᠭᠰᠡᠨ᠃ ᠮᠥᠨ ᠡᠨᠡ ᠬᠤᠭᠤᠴᠠᠭᠠᠨ ᠳᠤ ᠪᠠᠨ ᠰᠠᠮᠪᠣ ᠵᠢᠦ᠋ᠳᠣ᠋ ᠪᠥᠬᠡ ᠶᠢᠨ ᠤᠯᠤᠰ ᠤᠨ ᠰᠢᠭᠰᠢᠭᠡ ᠪᠠᠭ ᠲᠤ ᠤᠷᠢᠭᠳᠠᠨ 1983-1989 ᠣᠨ ᠳᠤ ᠳᠡᠯᠡᠬᠡᠢ ᠶᠢᠨ ᠠᠪᠤᠷᠭᠤ᠂ ᠳᠡᠯᠡᠬᠡᠢ ᠶᠢᠨ ᠴᠣᠮᠣ ᠶᠢᠨ ᠲᠡᠮᠡᠴᠡᠭᠡᠨ ᠨᠦᠭᠦᠳ ᠡᠴᠡ ᠬᠣᠶᠠᠷ ᠠᠯᠲᠠ᠂ ᠬᠣᠶᠠᠷ ᠮᠥᠩᠭᠥ᠂ ᠬᠣᠶᠠᠷ ᠬᠦᠷᠡᠯ ᠮᠧᠳᠠᠯ ᠠᠪᠴᠤ ᠠᠯᠲᠠᠨ ᠰᠣᠶᠣᠮᠪᠣ ᠳᠤ ᠳᠠᠯᠪᠠᠭ᠎ᠠ ᠶᠢ ᠪᠠᠨ ᠮᠠᠨᠳᠤᠭᠤᠯᠤᠨ᠂ ᠲᠥᠷᠥ ᠶᠢᠨ ᠳᠠᠭᠤᠯᠠᠯ ᠢᠶᠠᠨ ᠤᠳᠠᠭ᠎ᠠ ᠳᠠᠷᠠᠭ᠎ᠠ ᠡᠭᠡᠰᠢᠭᠯᠡᠭᠦᠯᠵᠦ ᠪᠠᠶᠢᠴᠠᠢ᠃ ᠮᠥᠨ ᠮᠣᠩᠭᠣᠯ ᠤᠯᠤᠰ ᠤᠨ ᠰᠠᠮᠪᠣ ᠪᠥᠬᠡ ᠶᠢᠨ ᠠᠪᠤᠷᠭᠤ ᠶᠢᠨ ᠠᠯᠲᠠᠨ ᠮᠧᠳᠠᠯ ᠢ ᠣᠯᠠᠨ ᠤᠳᠠᠭ᠎ᠠ ᠬᠦᠷᠲᠡᠵᠦ ᠪᠠᠶᠢᠴᠠᠢ᠃
ᠠᠷᠠᠳᠴᠢᠯᠠᠯ᠂ ᠵᠠᠬ᠎ᠠ ᠵᠡᠭᠡᠯᠢ ᠶᠢᠨ ᠨᠡᠶᠢᠭᠡᠮ ᠳᠦ ᠮᠣᠩᠭᠣᠯ ᠤᠯᠤᠰ ᠰᠢᠯᠵᠢᠭᠰᠡᠨ ᠠᠩᠬᠠᠨ ᠤ ᠡᠳᠦᠷ ᠡᠴᠡ ᠡᠬᠢᠯᠡᠨ ᠬᠠᠯᠲᠠᠮ᠎ᠠ ᠶᠢᠨ ᠪᠠᠲᠤᠲᠤᠯᠭ᠎ᠠ ᠡᠬᠡ ᠣᠷᠣᠨ ᠤ ᠪᠠᠨ ᠡᠳ᠋ ᠍ ᠦᠨ ᠵᠠᠰᠠᠭ ᠲᠤ ᠬᠤᠪ ᠤᠨ ᠬᠡᠪᠰᠢᠯ ᠦᠨ ᠰᠠᠭᠤᠷᠢ ᠶᠢ ᠪᠤᠢ ᠪᠣᠯᠭᠠᠵᠤ ᠪᠦᠷᠢᠳᠦᠭᠦᠯᠬᠦ ᠳᠦ ᠦᠶ᠎ᠡ ᠶᠢᠨ ᠵᠠᠯᠠᠭᠤᠰ ᠤᠨ ᠢᠶᠠᠨ ᠨᠢᠭᠡᠨ ᠠᠳᠠᠯᠢ ᠬᠠᠨᠴᠤᠢ ᠰᠢᠮᠠᠯᠠᠨ ᠣᠷᠣᠵᠤ᠂ ᠡᠳ᠋ ᠍ ᠦᠨ ᠵᠠᠰᠠᠭ ᠲᠤ ᠥᠪᠡᠷ ᠦᠨ ᠬᠤᠪᠢ ᠨᠡᠮᠡᠷᠢ ᠶᠢ ᠪᠣᠳᠠᠲᠠᠢ ᠪᠠᠷ ᠣᠷᠣᠭᠤᠯᠵᠤ ᠡᠬᠢᠯᠡᠵᠡᠢ᠃ ᠠᠩᠬᠠᠨ ᠤ ᠪᠢᠽᠢᠨ᠋ᠧᠰ ᠦᠨ ᠭᠠᠷᠤᠭ᠎ᠠ ᠪᠠᠨ ᠬᠡᠦᠬᠡᠳ ᠦᠨ ᠬᠤᠪᠴᠠᠰᠤ ᠤᠶᠤᠬᠤ᠂ ᠤᠩᠭᠠᠷᠢ ᠤᠯᠤᠰ ᠲᠤ ᠪᠣᠷᠣᠯᠠᠭᠤᠯᠬᠤ᠂ ᠳᠦᠷᠰᠦ ᠪᠢᠴᠢᠯᠭᠡ ᠶᠢᠨ ᠲᠣᠨᠣᠭ ᠲᠥᠬᠥᠭᠡᠷᠦᠮᠵᠢ ᠶᠢ ᠰᠢᠩᠭᠠᠫᠦᠷ ᠤᠯᠤᠰ ᠠᠴᠠ ᠢᠮᠫᠤᠷᠲᠯᠠᠬᠤ ᠵᠡᠷᠭᠡ ᠪᠡᠷ ᠡᠬᠢᠯᠡᠵᠦ ᠪᠠᠶᠢᠭᠰᠠᠨ ᠪᠥᠭᠡᠳ ᠰᠢᠨᠡᠬᠡᠨ ᠪᠠᠲᠤᠯᠠᠭᠳᠠᠵᠤ ᠪᠠᠶᠢᠭᠰᠠᠨ 《ᠻᠣᠮᠫᠠᠨᠢᠢ ᠲᠤᠬᠠᠢ ᠬᠠᠤᠯᠢ》 ᠍ ᠦᠨ ᠳᠠᠭᠠᠤ 1992 ᠣᠨ ᠳᠤ 《ᠵᠧᠩᠻᠣ》 ᠻᠣᠮᠫᠠᠨᠢ ᠶᠢ ᠡᠭᠦᠰᠬᠡᠨ ᠪᠠᠶᠢᠭᠤᠯᠵᠤ ᠵᠠᠬᠢᠷᠤᠯ ᠢᠶᠠᠷ ᠨᠢ ᠠᠵᠢᠯᠯᠠᠵᠠᠢ᠃ ᠲᠡᠷᠡᠪᠡᠷ ᠴᠢᠨᠠᠭᠰᠢᠳᠠ ᠪᠠᠶᠠᠩ ᠢᠶᠠᠯ ᠵᠣᠴᠢᠳ ᠪᠠᠭᠤᠳᠠᠯ ᠤᠨ ᠭᠦᠢᠴᠡᠳᠭᠡᠬᠦ ᠵᠠᠬᠢᠷᠤᠯ᠂ ᠮᠢᠬ᠎ᠠ ᠢᠮᠫᠧᠻᠰ ᠬᠤᠪᠢᠴᠠᠭᠲᠤ ᠻᠣᠮᠫᠠᠨᠢ ᠍᠊ᠢᠢᠨ ᠭᠦᠢᠴᠡᠳᠭᠡᠬᠦ ᠵᠠᠬᠢᠷᠤᠯ ᠢᠶᠠᠷ ᠲᠤᠰ ᠲᠤᠰ ᠠᠵᠢᠯᠯᠠᠵᠤ ᠤᠳᠤᠷᠢᠳᠬᠤ ᠠᠵᠢᠯ ᠤᠨ ᠲᠤᠷᠰᠢᠯᠭ᠎ᠠ ᠰᠠᠭᠤᠭᠰᠠᠨ ᠤ ᠳᠠᠷᠠᠭ᠎ᠠ 2004 ᠣᠨ ᠳᠤ ᠪᠠᠶᠠᠨᠬᠣᠩᠭᠣᠷ ᠠᠶᠢᠮᠠᠭ ᠠᠴᠠ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠵᠠᠢ᠃
ᠬᠠᠯᠲᠠᠮ᠎ᠠ ᠶᠢᠨ ᠪᠠᠲᠤᠲᠤᠯᠭ᠎ᠠ 2004-2008 ᠣᠨ ᠳᠤ ᠤᠯᠤᠰ ᠤᠨ ᠶᠡᠬᠡ ᠬᠤᠷᠠᠯ ᠲᠤ ᠰᠣᠩᠭᠣᠭᠳᠠᠨ ᠠᠵᠢᠯᠯᠠᠬᠤ ᠬᠤᠭᠤᠴᠠᠭᠠᠨ ᠳᠤ ᠪᠠᠨ ᠬᠦᠮᠦᠨ ᠦ ᠡᠷᠬᠡ ᠶᠢᠨ ᠳᠡᠳ᠋ ᠬᠣᠷᠢᠶᠠᠨ ᠤ ᠳᠠᠷᠤᠭ᠎ᠠ ᠪᠠᠷ ᠠᠵᠢᠯᠯᠠᠵᠤ᠂ ᠠᠷᠠᠳᠴᠢᠯᠠᠯ᠂ ᠬᠦᠮᠦᠨ ᠦ ᠡᠷᠬᠡ ᠶᠢᠨ ᠦᠨᠡᠲᠦ ᠵᠦᠢᠯᠡᠰ ᠢ ᠤᠯᠤᠰ ᠤᠨ ᠶᠡᠬᠡ ᠬᠤᠷᠠᠯ ᠤᠨ ᠬᠠᠤᠯᠢ ᠲᠣᠭᠲᠠᠭᠠᠮᠵᠢᠨ ᠳᠤ ᠰᠢᠩᠭᠡᠭᠡᠬᠦ᠂ ᠡᠷᠬᠡ ᠨᠢ ᠵᠥᠷᠢᠴᠡᠭᠳᠡᠭᠰᠡᠨ ᠢᠷᠭᠡᠳ ᠦᠨ ᠢᠶᠡᠨ ᠭᠣᠮᠣᠳᠠᠯ ᠢ ᠬᠦᠯᠢᠶᠡᠨ ᠠᠪᠴᠤ ᠡᠷᠬᠡ ᠶᠢ ᠨᠢ ᠬᠠᠮᠠᠭᠠᠯᠠᠬᠤ ᠲᠠᠯ᠎ᠠ ᠪᠠᠷ ᠠᠵᠢᠯᠯᠠᠵᠤ ᠪᠠᠶᠢᠴᠠᠢ᠃
2008 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠪᠠᠷ ᠬᠠᠯᠲᠠᠮ᠎ᠠ ᠶᠢᠨ ᠪᠠᠲᠤᠲᠤᠯᠭ᠎ᠠ ᠳ᠋ᠠᠬᠢᠨ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠵᠤ᠂ 2008-2012 ᠣᠨ ᠳᠤ ᠵᠠᠰᠠᠭ ᠤᠨ ᠭᠠᠵᠠᠷ ᠤᠨ ᠭᠡᠰᠢᠭᠦᠨ᠂ ᠵᠠᠮ᠂ ᠲᠡᠭᠡᠭᠡᠪᠦᠷᠢ᠂ ᠪᠠᠷᠢᠯᠭ᠎ᠠ᠂ ᠬᠣᠲᠠ ᠪᠠᠶᠢᠭᠤᠯᠤᠯᠲᠠ ᠶᠢᠨ ᠰᠠᠶᠢᠳ ᠢᠶᠠᠷ ᠲᠣᠮᠢᠯᠠᠭᠳᠠᠨ ᠠᠵᠢᠯᠯᠠᠭᠰᠠᠨ ᠪᠠᠶᠢᠨ᠎ᠠ᠃ 2012 ᠣᠨ ᠳᠤ ᠬᠠ᠊ ∙ ᠪᠠᠲᠤᠲᠤᠯᠭ᠎ᠠ ᠭᠤᠷᠪᠠ ᠳ᠋ᠠᠬᠢ ᠤᠳᠤᠭ᠎ᠠ ᠪᠠᠨ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠭᠰᠠᠨ ᠪᠥᠭᠡᠳ 2012-2014 ᠣᠨ ᠨᠤᠭᠤᠳ ᠲᠤ ᠦᠢᠯᠡᠳᠪᠦᠷᠢ᠂ ᠬᠥᠳᠡᠭᠡ ᠠᠵᠤ ᠠᠬᠤᠢ ᠶᠢᠨ ᠰᠠᠶᠢᠳ ᠢᠶᠠᠷ ᠲᠣᠮᠢᠯᠠᠭᠳᠠᠨ ᠠᠵᠢᠯᠯᠠᠵᠠᠢ᠃
ᠦᠢᠯᠡ ᠠᠵᠢᠯᠯᠠᠭ᠎ᠠ
ᠬᠠᠯᠲᠠᠮ᠎ᠠ ᠶᠢᠨ ᠪᠠᠲᠤᠲᠤᠯᠭ᠎ᠠ ᠤᠯᠤᠰ᠂ ᠲᠥᠷᠦ᠂ ᠨᠡᠶᠢᠭᠡᠮ ᠦᠨ ᠢᠳᠡᠪᠬᠢ ᠲᠡᠢ ᠵᠢᠳᠬᠦᠯᠲᠡᠨ ᠶᠤᠮ᠃ ᠲᠡᠷᠡᠪᠡᠷ ᠮᠣᠩᠭᠣᠯ ᠤᠨ ᠠᠷᠠᠳᠴᠢᠯᠠᠭᠰᠠᠨ ᠬᠣᠯᠪᠣᠭᠠᠨ ᠤ ᠳᠠᠷᠤᠭ᠎ᠠ᠂ ᠠᠷᠠᠳᠴᠢᠯᠠᠭᠰᠠᠨ ᠨᠠᠮ ᠤᠨ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ ᠭᠡᠰᠢᠭᠦᠨ᠂ ᠮᠣᠩᠭᠣᠯ ᠤᠨ ᠵᠢᠦ᠋ᠳᠣ᠋ ᠪᠥᠬᠡ ᠶᠢᠨ ᠬᠣᠯᠪᠣᠭᠠᠨ ᠤ ᠶᠡᠷᠦᠩᠬᠡᠶᠢᠯᠡᠭᠴᠢ᠂ ᠮᠣᠩᠭᠣᠯ ᠤᠨ ᠮᠠᠯᠴᠢᠳ ᠤᠨ ᠨᠢᠭᠡᠳᠦᠭᠰᠡᠨ ᠬᠣᠯᠪᠣᠭᠠᠨ ᠤ ᠶᠡᠷᠦᠩᠬᠡᠶᠢᠯᠡᠭᠴᠢ᠂ ᠪᠣᠳᠢ ᠪᠢᠯᠳᠢᠩ ᠦᠨ ᠬᠣᠯᠪᠣᠭᠠᠨ ᠤ ᠶᠡᠷᠦᠩᠬᠡᠶᠢᠯᠡᠭᠴᠢ᠂ ᠣᠯᠠᠨ ᠤᠯᠤᠰ ᠤᠨ ᠮᠣᠩᠭᠣᠯᠴᠢ ᠡᠷᠳᠡᠮᠲᠡᠳ ᠦᠨ ᠬᠣᠯᠪᠣᠭᠠᠨ ᠤ ᠳᠡᠳ᠋ ᠶᠡᠷᠦᠩᠬᠡᠶᠢᠯᠡᠭᠴᠢ᠂ ᠣᠯᠠᠨ ᠤᠯᠤᠰ ᠤᠨ ᠵᠢᠦ᠋ᠳᠣ᠋ ᠶᠢᠨ ᠬᠣᠯᠪᠣᠭᠠᠨ ᠤ ᠪᠣᠳᠣᠯᠭ᠎ᠠ ᠶᠢᠨ ᠵᠥᠪᠯᠡᠯ ᠦᠨ ᠠᠽᠢᠶ᠎ᠠ ᠲᠢᠪ ᠢ ᠬᠠᠷᠢᠭᠤᠴᠠᠭᠰᠠᠨ ᠲᠡᠷᠢᠭᠦᠨ ᠢᠶᠡᠷ ᠲᠤᠰ ᠲᠤᠰ ᠰᠣᠩᠭᠣᠭᠳᠠᠨ ᠠᠵᠢᠯᠯᠠᠵᠤ ᠪᠠᠶᠢᠨ᠎ᠠ᠃ ᠬᠠᠯᠲᠠᠮ᠎ᠠ ᠶᠢᠨ ᠪᠠᠲᠤᠲᠤᠯᠭ᠎ᠠ 1995 ᠣᠨ ᠳᠤ ᠮᠣᠩᠭᠣᠯ ᠤᠯᠤᠰ ᠤᠨ ᠭᠠᠪᠢᠶᠠᠲᠤ ᠲᠠᠮᠢᠷᠴᠢᠨ ᠴᠣᠯᠠ᠂ 2017 ᠣᠨ ᠳᠤ ᠣᠯᠠᠨ ᠤᠯᠤᠰ ᠤᠨ ᠪᠣᠳᠢ ᠪᠢᠯᠳᠢᠩ ᠦᠨ ᠬᠣᠯᠪᠣᠭᠠᠨ ᠤ 《ᠣᠴᠢᠷ ᠡᠷᠳᠡᠨᠢ ᠶᠢᠨ ᠴᠣᠮᠣ》 ᠮᠧᠳᠠᠯ᠂ ᠮᠥᠨ ᠣᠨ ᠳᠤ ᠣᠯᠠᠨ ᠤᠯᠤᠰ ᠤᠨ ᠵᠢᠦ᠋ᠳᠣ᠋ ᠍ ᠶᠢᠨ ᠬᠣᠯᠪᠣᠭᠠᠨ ᠤ 《ᠠᠯᠲᠠᠨ ᠣᠳᠣ》 ᠳᠡᠭᠡᠳᠦ ᠱᠠᠩᠨᠠᠯ ᠢᠶᠠᠷ ᠲᠤᠰ ᠲᠤᠰ ᠱᠠᠩᠨᠠᠭᠤᠯᠤᠭᠰᠠᠨ ᠪᠠᠶᠢᠨ᠎ᠠ᠃ ᠬᠠ᠊ ∙ ᠪᠠᠲᠤᠲᠤᠯᠭ᠎ᠠ ᠮᠣᠩᠭᠣᠯ ᠤᠯᠤᠰ ᠤᠨ ᠢᠶᠠᠨ ᠨᠡᠷ᠎ᠡ ᠶᠢ ᠳᠡᠯᠡᠬᠡᠢ ᠶᠢᠨ ᠲᠠᠪᠴᠠᠩ ᠳᠤ ᠳᠠᠭᠤᠷᠢᠰᠬᠠᠬᠤ ᠦᠢᠯᠡᠰ ᠲᠦ ᠥᠪᠡᠷ ᠦᠨ ᠴᠠᠭ᠂ ᠬᠦᠴᠦ ᠬᠥᠳᠡᠯᠮᠦᠷᠢ᠂ ᠬᠥᠷᠥᠩᠭᠡ ᠣᠷᠣᠭᠤᠯᠤᠯᠲᠠ ᠶᠢ ᠬᠠᠷᠠᠮ ᠦᠭᠡᠢ ᠵᠠᠷᠤᠴᠠᠭᠤᠯᠤᠭᠰᠠᠨ ᠡᠬᠡ ᠣᠷᠣᠨᠴᠢ ᠭᠡᠳᠡᠭ ᠢᠶᠡᠷ ᠨᠢ ᠮᠣᠩᠭᠣᠯᠴᠤᠳ ᠰᠠᠶᠢᠨ ᠮᠡᠳᠡᠨ᠎ᠡ᠃ ᠲᠡᠭᠦᠨ ᠦ ᠤᠳᠤᠷᠢᠳᠴᠤ ᠪᠤᠢ ᠵᠢᠦ᠋ᠳᠣ᠋ ᠪᠥᠬᠡ ᠶᠢᠨ ᠬᠣᠯᠪᠣᠭᠠᠨ ᠤ ᠵᠣᠬᠢᠶᠠᠨ ᠪᠠᠶᠢᠭᠤᠯᠤᠯᠲᠠ᠂ ᠡᠷᠴᠢᠮᠲᠡᠢ ᠪᠡᠯᠡᠳᠬᠡᠯ ᠦᠨ ᠦᠷ᠎ᠡ ᠳ᠋ᠦᠩ ᠳᠦ ᠵᠧᠩᠻᠣ ᠻᠯᠤᠶᠢᠪ ᠤᠨ ᠲᠠᠮᠢᠷᠴᠢᠨ ᠮᠣᠩᠭᠣᠯ lmao ᠬᠥᠳᠡᠯᠮᠦᠷᠢ ᠶᠢᠨ ᠪᠠᠭᠠᠲᠤᠷ ᠨᠠᠶᠢᠳᠠᠩ ᠤᠨ ᠲᠦᠪᠰᠢᠨᠪᠠᠶᠠᠷ ᠣᠯᠢᠮᠫ ᠤᠨ ᠠᠩᠬᠠᠨ ᠤ ᠠᠯᠲᠠᠨ ᠮᠧᠳᠠᠯ ᠢ ᠡᠬᠡ ᠣᠷᠣᠨ ᠳᠤ ᠪᠠᠨ ᠠᠪᠴᠢᠷᠠᠭᠰᠠᠨ ᠨᠢ ᠮᠣᠩᠭᠣᠯᠴᠤᠳ ᠤᠨ ᠬᠡᠶᠢᠮᠣᠷᠢ ᠶᠢ ᠪᠠᠳᠠᠷᠠᠭᠠᠭᠰᠠᠨ ᠲᠡᠳᠦᠢ ᠦᠭᠡᠢ 2008 ᠣᠨ ᠤ 7 ᠰᠠᠷ᠎ᠠ ᠶᠢᠨ 1 ᠦ ᠡᠮᠭᠡᠨᠢᠯ ᠳᠦ ᠦᠢᠯᠡ ᠶᠠᠪᠤᠳᠠᠯ ᠤᠨ ᠳᠠᠷᠠᠭ᠎ᠠ ᠶᠠᠮᠪᠠᠷ ᠴᠤ ᠤᠯᠤᠰ ᠲᠥᠷᠦ ᠶᠢᠨ ᠬᠦᠴᠦᠨ᠂ ᠯᠢᠳᠧᠷ ᠦᠳ ᠦᠨ ᠠᠪᠴᠢᠷᠠᠵᠤ ᠴᠢᠳᠠᠭ᠎ᠠ ᠦᠭᠡᠢ ᠡᠪ ᠨᠢᠭᠡᠳᠦᠯ ᠢ ᠠᠷᠠᠳ ᠲᠦᠮᠡᠨ ᠳᠦ ᠪᠡᠨ ᠡᠪ ᠨᠢᠭᠡᠳᠦᠯ ᠢ ᠠᠷᠠᠳ ᠲᠦᠮᠡᠨ ᠳᠦ ᠪᠡᠨ ᠡᠷᠭᠢᠭᠦᠯᠦᠨ ᠠᠪᠴᠢᠷᠠᠵᠤ ᠴᠢᠳᠠᠭᠰᠠᠨ ᠪᠢᠯᠡ᠃ ᠬᠠ᠊ ∙ ᠪᠠᠲᠤᠲᠤᠯᠭ᠎ᠠ ᠶᠢᠨ ᠰᠠᠨᠠᠭᠠᠴᠢᠯᠠᠭ᠎ᠠ᠂ ᠳᠡᠮᠵᠢᠯᠭᠡ᠂ ᠤᠳᠤᠷᠢᠳᠤᠯᠭ᠎ᠠ ᠶᠢᠨ ᠳᠣᠣᠷ᠎ᠠ ᠴᠣᠨᠵᠢᠨ ᠪᠣᠯᠳᠠᠭ ᠳᠠᠬᠢ ᠴᠢᠩᠭᠢᠰ ᠬᠠᠭᠠᠨ ᠤ ᠮᠣᠷᠢᠲᠤ ᠬᠥᠰᠢᠶ᠎ᠡ ᠳᠦ ᠴᠣᠭᠴᠠᠯᠠᠪᠤᠷᠢ᠂ ᠰᠢᠨ᠎ᠡ ᠰᠤᠮᠤ ᠲᠥᠰᠥᠯ᠂ ᠤᠯᠠᠭᠠᠨᠪᠠᠭᠠᠲᠤᠷ ᠬᠣᠲᠠ ᠳᠠᠬᠢ 《ᠨᠠᠷᠠᠨ ᠤ ᠭᠦᠦᠷᠡ》᠂ ᠪᠣᠭᠳᠠ ᠠᠭᠤᠯᠠ ᠶᠢᠨ ᠠᠷᠤ ᠶᠢᠨ ᠵᠠᠮ ᠵᠡᠷᠭᠡ ᠪᠦᠲᠦᠭᠡᠨ ᠪᠠᠶᠢᠭᠤᠯᠤᠯᠲᠠ᠂ ᠨᠡᠭᠦᠷᠡᠰᠦᠨ ᠡᠴᠡ ᠰᠢᠩᠭᠡᠨ ᠲᠦᠯᠡᠰᠢ ᠭᠠᠷᠭᠠᠬᠤ ᠦᠢᠯᠡᠳᠪᠦᠷᠢ ᠶᠢᠨ ᠲᠥᠰᠥᠯ᠂ 100 ᠮᠢᠩᠭᠠᠨ ᠠᠶᠢᠯ ᠤᠨ ᠣᠷᠣᠨ ᠰᠠᠭᠤᠴᠠ ᠲᠥᠰᠥᠯ ᠦᠳ ᠲᠤᠰ ᠲᠤᠰ ᠬᠡᠷᠡᠭᠵᠢᠭᠰᠡᠨ ᠶᠤᠮ᠃ ᠬᠠᠯᠲᠠᠮ᠎ᠠ ᠶᠢᠨ ᠪᠠᠲᠤᠲᠤᠯᠭ᠎ᠠ ᠨᠢ ᠡᠬᠡ ᠣᠷᠣᠨ ᠤ ᠪᠠᠨ ᠬᠥᠭᠵᠢᠯ ᠳᠦ ᠨᠥᠯᠥᠭᠡ ᠪᠦᠬᠦᠢ ᠲᠣᠮᠣᠬᠠᠨ ᠪᠦᠲᠦᠭᠡᠨ ᠪᠠᠶᠢᠭᠤᠯᠤᠯᠲᠠ ᠨᠤᠭᠤᠳ ᠤᠨ ᠪᠡᠯᠡᠳᠬᠡᠯ ᠠᠵᠢᠯ᠂ ᠵᠢᠷᠤᠭ ᠲᠥᠰᠥᠯ ᠳᠦ ᠣᠨᠴᠠᠭᠠᠢ ᠠᠩᠬᠠᠷᠴᠤ ᠬᠥᠳᠡᠯᠮᠦᠷᠢ ᠬᠦᠴᠦ ᠪᠡᠨ ᠵᠠᠷᠤᠴᠠᠭᠤᠯᠤᠭᠰᠠᠨ ᠠᠴᠠ ᠴᠥᠭᠡᠨ ᠬᠡᠳᠦ ᠶᠢ ᠳᠤᠷᠠᠳᠪᠠᠯ᠂ ᠮᠣᠩᠭᠣᠯ ᠤᠯᠤᠰ ᠤᠨ ᠪᠦᠬᠦ ᠠᠶᠢᠮᠠᠭ ᠤᠨ ᠲᠥᠪ ᠦᠳ ᠢ ᠨᠡᠶᠢᠰᠯᠡᠯ ᠲᠡᠢ ᠬᠠᠲᠠᠭᠤ ᠬᠤᠴᠢᠯᠲᠠ ᠲᠠᠢ ᠵᠠᠮ ᠢᠶᠠᠷ ᠬᠣᠯᠪᠣᠬᠤ ᠵᠢᠷᠤᠭ ᠲᠥᠰᠦᠯ᠂ ᠬᠥᠰᠢᠭᠲᠦ ᠶᠢᠨ ᠬᠥᠨᠳᠡᠢ ᠶᠢᠨ ᠰᠢᠨ᠎ᠡ ᠨᠢᠰᠬᠦ ᠪᠠᠭᠤᠳᠠᠯ ᠤᠨ ᠵᠢᠷᠤᠭ ᠲᠥᠰᠥᠯ᠂ ᠲᠡᠮᠦᠷ ᠵᠠᠮ ᠤᠨ ᠵᠢᠷᠤᠭ ᠲᠥᠰᠥᠯ᠂ ᠰᠠᠶᠢᠨᠱᠠᠩᠳᠠ ᠶᠢᠨ ᠠᠵᠤ ᠦᠢᠯᠡᠳᠪᠦᠷᠢ ᠶᠢᠨ ᠴᠣᠭᠴᠠᠯᠠᠪᠤᠷᠢ ᠶᠢᠨ ᠵᠢᠷᠤᠭ ᠲᠥᠰᠥᠯ᠂ ᠠᠯᠲᠠᠨᠪᠤᠯᠠᠭ-ᠤᠯᠠᠭᠠᠨᠪᠠᠭᠠᠲᠤᠷ-ᠵᠠᠮ ᠤᠨ ᠡᠭᠦᠳᠡ ᠴᠢᠭᠯᠡᠯ ᠦᠨ ᠬᠤᠷᠳᠤᠨ ᠤ ᠵᠠᠮ ᠤᠨ ᠲᠥᠰᠦᠯ᠂ 《ᠮᠠᠶᠢᠳᠠᠷ》 ᠡᠻᠣ ᠰᠢᠲ᠋ᠢ ᠲᠥᠰᠦᠯ᠂ 《ᠰᠢᠨ᠎ᠡ ᠶᠠᠭᠠᠷᠮᠠᠭ》 ᠲᠥᠰᠦᠯ ᠢ ᠪᠡᠯᠡᠳᠬᠡᠬᠦ ᠠᠵᠢᠯ ᠤᠳ ᠢ ᠲᠤᠰ ᠲᠤᠰ ᠤᠳᠤᠷᠢᠳᠴᠠᠢ᠃ ᠡᠳᠡᠭᠡᠷ ᠵᠢᠷᠤᠭ ᠲᠥᠰᠥᠯ ᠦᠳ ᠡᠴᠡ ᠣᠯᠠᠨ ᠦᠢᠯᠡ ᠠᠵᠢᠯᠯᠠᠭ᠎ᠠ ᠳᠡᠰ ᠳᠠᠷᠠᠭᠠᠯᠠᠨ ᠪᠡᠶᠡᠯᠡᠯ ᠢᠶᠡᠨ ᠣᠯᠵᠤ ᠪᠠᠶᠢᠨ᠎ᠠ᠃ ᠪᠣᠷᠵᠢᠭᠢᠨ ᠣᠪᠤᠭ ᠲᠠᠢ ᠬᠠᠯᠲᠠᠮ᠎ᠠ ᠶᠢᠨ ᠪᠠᠲᠤᠲᠤᠯᠭ᠎ᠠ ᠨᠢ ᠬᠠᠤᠯᠢ ᠲᠣᠭᠲᠠᠭᠠᠭᠴᠢ᠂ ᠪᠣᠳᠣᠯᠭ᠎ᠠ ᠪᠣᠯᠪᠠᠰᠤᠷᠠᠭᠤᠯᠤᠭᠴᠢ ᠶᠢᠨ ᠬᠤᠪᠢ ᠳᠤ ᠲᠥᠷᠥ ᠡᠴᠡ ᠬᠦᠨᠳᠦ ᠦᠢᠯᠡᠳᠪᠦᠷᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠲᠥᠷᠥ ᠡᠴᠡ ᠲᠡᠮᠦᠷ ᠵᠠᠮ ᠤᠨ ᠲᠡᠭᠡᠭᠡᠪᠦᠷᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠲᠥᠷᠥ ᠡᠴᠡ ᠢᠷᠭᠡᠨ ᠦ ᠨᠢᠰᠬᠦ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠶᠢ ᠲᠤᠰ ᠲᠤᠰ ᠰᠠᠨᠠᠭᠠᠴᠢᠯᠠᠨ ᠪᠠᠲᠤᠯᠠᠭᠤᠯᠵᠠᠢ᠃