Тусгай хамгаалалттай газар

23:57, 12 Есдүгээр сар 2020-ий байдлаарх Theirontnt (яриа | оруулсан хувь нэмэр) хэрэглэгчийн хийсэн залруулга

Монгол бичгийн том харагдацтай тигийг (фонт) энэ холбоосоос татаж авна уу

ᠮᠣᠩᠭᠣᠯ ᠤᠯᠤᠰ ᠲᠤᠰᠬᠠᠢ ᠬᠠᠮᠠᠭᠠᠯᠠᠯᠲᠠ ᠲᠠᠢ ᠭᠠᠵᠠᠷ ᠪᠠᠶᠢᠭᠤᠯᠬᠤ ᠡᠷᠲᠡᠨ ᠦ ᠤᠯᠠᠮᠵᠢᠯᠠᠯ ᠲᠠᠢ᠂ ᠪᠦᠷ 13  ᠳᠦᠭᠡᠷ ᠵᠠᠭᠤᠨ ᠳᠤ ᠴᠢᠩᠭᠢᠰ ᠬᠠᠭᠠᠨ ᠭᠤᠷᠪᠠᠨ ᠳᠠᠭᠰᠢᠨ ᠬᠠᠶᠢᠷᠬᠠᠨ ᠢ ᠣᠩᠭᠣᠯᠠᠭᠰᠠᠨ ᠪᠠᠶᠢᠳᠠᠭ᠃ ᠬᠠᠯᠬ᠎ᠠ ᠵᠢᠷᠤᠮ ᠳᠤ (1709) ᠪᠣᠭᠳᠠ ᠬᠠᠨ᠂ ᠬᠠᠨ ᠬᠡᠨᠲᠡᠢ᠂ ᠬᠥᠭᠡᠨᠡᠬᠠᠨ᠂ ᠲᠦᠪᠡᠬᠡᠩᠬᠠᠨ ᠵᠡᠷᠭᠡ 16 ᠠᠭᠤᠯᠠᠨ ᠳᠤ ᠠᠨ ᠬᠢᠬᠦ᠂ ᠮᠣᠳᠣ ᠠᠪᠬᠤ᠂ ᠲᠠᠷᠢᠶᠠᠯᠠᠩ ᠡᠷᠬᠢᠯᠡᠬᠦ ᠶᠢ ᠬᠣᠷᠢᠭᠯᠠᠭᠰᠠᠨ ᠪᠠᠶᠢᠳᠠᠭ᠃ ᠲᠡᠷᠲᠡᠭᠡ 13  ᠳᠦᠭᠡᠷ ᠵᠠᠭᠤᠨ ᠠᠴᠠ ᠬᠣᠶᠢᠰᠢ ᠬᠠᠮᠠᠭᠠᠯᠠᠭᠳᠠᠵᠤ ᠢᠷᠡᠭᠰᠡᠨ ᠭᠤᠷᠪᠠᠨ ᠭᠠᠵᠠᠷ ᠤᠨ ᠨᠢᠭᠡ ᠪᠣᠭᠳᠠ ᠬᠠᠨ ᠠᠭᠤᠯᠠ (ᠤᠯᠠᠭᠠᠨᠪᠠᠭᠠᠲᠤᠷ ᠤᠨ ᠣᠶᠢᠷᠠᠯᠴᠠᠭ᠎ᠠ) 1778 ᠣᠨ ᠳᠤ ᠳᠠᠷᠬᠠᠨ ᠴᠠᠭᠠᠵᠠ ᠲᠠᠢ ᠪᠣᠯᠵᠤ᠂ ᠲᠥᠷᠥ ᠶᠢᠨ ᠬᠠᠮᠠᠭᠠᠯᠠᠯᠲᠠ ᠳᠤ ᠣᠷᠣᠭᠰᠠᠨ ᠢᠶᠠᠷ ᠮᠣᠳᠣ ᠪᠡᠯᠡᠳᠬᠡᠬᠦ᠂ ᠠᠨ ᠭᠥᠷ ᠢᠶᠡᠨ ᠬᠢᠬᠦ ᠶᠢ ᠬᠣᠷᠢᠭᠯᠠᠭᠰᠠᠨ ᠪᠠᠶᠢᠨ᠎ᠠ (ᠮᠥᠨ ᠣᠳᠬᠣᠨᠲᠩᠷᠢ᠂ ᠪᠤᠯᠠᠭᠠᠨ ᠠᠭᠤᠯᠠᠨ ᠳᠤ 1818ᠣᠨ ᠳᠤ ᠡᠭᠦᠨ ᠲᠡᠢ ᠠᠳᠠᠯᠢ ᠬᠠᠮᠠᠭᠠᠯᠠᠯᠲᠠ ᠶᠢᠨ ᠭᠣᠷᠢᠮ ᠲᠣᠭᠲᠠᠭᠠᠭᠰᠠᠨ ᠪᠠᠶᠢᠳᠠᠭ)᠃

ᠲᠤᠰᠬᠠᠢ ᠬᠠᠮᠠᠭᠠᠯᠠᠯᠲᠠ ᠲᠠᠢ ᠭᠠᠵᠠᠷ ᠊ᠤᠨ ᠲᠣᠭᠲᠠᠯᠴᠠᠭ᠎ᠠ

ᠤᠯᠠᠭᠠᠭᠴᠢᠨ
ᠬᠠᠷ ᠊ᠠ᠋
ᠨᠠᠭᠤᠷ ᠦ᠋ᠨ
ᠪᠠᠢᠢᠭᠠᠯᠢ ᠶ᠋ᠢᠨ
ᠴᠣᠭᠴᠠᠯᠠᠪᠤᠷᠢ
ᠭᠠᠵᠠᠷ

1994/ ᠣᠨ ᠤ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤᠨ ᠲᠤᠬᠠᠢ ᠬᠠᠤᠯᠢ ᠳᠥᠷᠪᠡᠨ ᠲᠥᠷᠥᠯ ᠦᠨ ᠲᠤᠰᠬᠠᠢ ᠬᠠᠮᠠᠭᠠᠯᠠᠯᠲᠠ ᠲᠠᠢ ᠭᠠᠵᠠᠷ ᠢ ᠲᠣᠳᠣᠷᠬᠠᠶᠢᠯᠠᠭᠰᠠᠨ᠂ ᠡᠭᠦᠨ ᠳᠦ᠄ ᠳᠠᠷᠬᠠᠨ ᠴᠠᠭᠠᠵᠠ ᠲᠠᠢ ᠭᠠᠵᠠᠷ᠂ ᠪᠠᠶᠢᠭᠠᠯ ᠤᠨ ᠴᠣᠭᠴᠠᠯᠠᠪᠤᠷᠢ ᠭᠠᠵᠠᠷ᠂ ᠪᠠᠶᠢᠭᠠᠯ ᠤᠨ ᠨᠥᠭᠡᠴᠡ ᠭᠠᠵᠠᠷ᠂ ᠳᠤᠷᠠᠰᠬᠠᠯᠲᠤ ᠭᠠᠵᠠᠷ ᠭᠡᠵᠦ ᠵᠢᠭᠠᠭᠰᠠᠨ᠃ ᠳᠤᠷᠠᠰᠬᠠᠯᠲᠤ ᠭᠠᠵᠠᠷ ᠨᠢ ᠲᠡᠦᠬᠡ ᠰᠤᠶᠤᠯ ᠤᠨ ᠳᠤᠷᠠᠰᠬᠠᠯᠲᠤ ᠭᠠᠵᠠᠷ᠂ ᠪᠠᠶᠢᠭᠠᠯ ᠤᠨ ᠳᠤᠷᠠᠰᠬᠠᠯᠲᠤ ᠭᠠᠵᠠᠷ ᠢ ᠪᠠᠭᠲᠠᠭᠠᠨ᠎ᠠ᠃ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭᠲᠠᠯᠴᠠᠭᠠᠨ ᠳᠤ ᠪᠠᠰᠠ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠪᠠᠰᠠ ᠪᠠᠭᠳᠠᠨ᠎ᠠ᠃

ᠲᠤᠰᠬᠠᠢ ᠬᠠᠮᠠᠭᠠᠯᠠᠯᠲᠠ ᠲᠠᠢ ᠭᠠᠵᠠᠷ ᠊ᠤᠨ ᠬᠥᠭᠵᠢᠯ

ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭᠲᠠᠯᠴᠠᠭᠠᠨ ᠤ ᠬᠥᠭᠵᠢᠯ ᠡᠬᠢᠨ ᠳᠦ ᠪᠡᠨ ᠤᠳᠠᠭᠠᠨ ᠶᠠᠪᠤᠴᠠ ᠲᠠᠢ ᠪᠠᠶᠢᠴᠠᠢ᠃ ᠪᠣᠭᠳᠠ ᠬᠠᠨ ᠠᠭᠤᠯᠠ ᠶᠢᠨ (1778/ ᠣᠨ ᠳᠤ 41651/ ᠾᠠ᠊ ᠭᠠᠵᠠᠷ ᠲᠤ ᠪᠠᠶᠢᠭᠤᠯᠤᠭᠳᠠᠭᠰᠠᠨ) ᠳᠠᠷᠬᠠᠨ ᠴᠠᠭᠠᠵᠠᠲᠤ ᠪᠠᠶᠢᠳᠠᠯ ᠢ 1957/ ᠣᠨ ᠳᠤ ᠪᠠᠲᠤᠯᠠᠵᠤ᠂ ᠬᠣᠶᠠᠷ ᠬᠠᠷᠢᠴᠠᠩᠭᠤᠢ ᠪᠠᠭ᠎ᠠ ᠪᠠᠶᠢᠭᠠᠯ ᠤᠨ ᠨᠥᠭᠡᠴᠡ ᠭᠠᠵᠠᠷ ᠢ ᠨᠡᠮᠡᠭᠰᠡᠨ ᠢᠶᠡᠷ ᠲᠤᠰᠬᠠᠢ ᠬᠠᠮᠠᠭᠠᠯᠠᠯᠲᠠ ᠲᠠᠢ ᠭᠠᠵᠠᠷ ᠤᠨ ᠨᠡᠶᠢᠲᠡ ᠲᠠᠯᠠᠪᠠᠢ 66400/ ᠾᠠ᠊ (ᠮᠣᠩᠭᠣᠯ ᠣᠷᠣᠨ ᠤ ᠨᠡᠶᠢᠲᠡ ᠨᠤᠲᠤᠭ ᠳᠡᠪᠢᠰᠬᠡᠷ ᠦᠨ 0.6 ᠬᠤᠪᠢ) ᠪᠣᠯᠵᠠᠢ᠃ ᠳᠠᠷᠠᠭ᠎ᠠ ᠨᠢ 1965 ᠣᠨ ᠳᠤ ᠶᠢᠰᠦᠨ ᠲᠤᠰᠬᠠᠢ ᠬᠠᠮᠠᠭᠠᠯᠠᠯᠲᠠ ᠲᠠᠢ ᠭᠠᠵᠠᠷ ᠲᠠᠢ ᠪᠣᠯᠵᠤ᠂ ᠨᠡᠶᠢᠲᠡ 236200/ ᠾᠠ᠊ (0.15/ ᠬᠤᠪᠢ) ᠬᠠᠮᠤᠷᠤᠭᠰᠠᠨ ᠪᠠᠶᠢᠨ᠎ᠠ᠃ ᠴᠢᠨᠠᠭᠰᠢᠯᠠᠭᠠᠳ 1976/ ᠣᠨ ᠳᠤ ᠶᠡᠬᠡ ᠭᠣᠪᠢ ᠶᠢᠨ ᠳᠠᠷᠬᠠᠨ ᠴᠠᠭᠠᠵᠠᠲᠤ ᠭᠠᠵᠠᠷ ᠢ ᠪᠠᠶᠢᠭᠤᠯᠤᠭᠰᠠᠨ ᠢᠶᠠᠷ ᠲᠤᠰᠬᠠᠢ ᠬᠠᠮᠠᠭᠠᠯᠠᠯᠲᠠ ᠲᠠᠢ ᠭᠠᠵᠠᠷ ᠤᠨ ᠨᠡᠶᠢᠲᠡ ᠲᠠᠯᠠᠪᠠᠢ 5547900/ ᠾᠠ᠊ (ᠤᠯᠤᠰ ᠤᠨ ᠨᠡᠶᠢᠲᠡ ᠨᠤᠲᠤᠭ ᠳᠡᠪᠢᠰᠬᠡᠷ ᠦᠨ 3.52/ ᠬᠤᠪᠢ) ᠬᠦᠷᠴᠡᠢ᠃ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠠᠯᠠᠪᠠᠢ ᠡᠷᠡᠰ ᠬᠤᠷᠳᠤ ᠲᠠᠢ ᠨᠡᠮᠡᠭᠳᠡᠬᠦ ᠪᠣᠯᠤᠭᠰᠠᠨ ᠨᠢ 1990  ᠊ᠭᠡᠳ ᠣᠨ ᠤ ᠦᠶᠡᠰ ᠪᠥᠭᠡᠳ ᠲᠡᠷᠡ ᠦᠶ᠎ᠡ ᠳᠦ ᠪᠠᠶᠢᠭᠠᠯᠢ ᠣᠷᠴᠢᠨ ᠢ ᠬᠠᠮᠠᠭᠠᠯᠠᠬᠤ ᠨᠢ ᠵᠠᠰᠠᠭ ᠤᠨ ᠭᠠᠵᠠᠷ ᠤᠨ ᠡᠩ ᠲᠡᠷᠢᠭᠦᠯᠡᠬᠦ ᠴᠢᠭᠯᠡᠯ ᠪᠣᠯᠵᠤ ᠪᠠᠶᠢᠪᠠ᠃ ᠵᠠᠰᠠᠭ ᠤᠨ ᠭᠠᠵᠠᠷ 1992 ᠣᠨ ᠤ ᠷᠢᠣ ᠳᠧ-ᠵᠠᠨᠧᠢᠷᠣ ᠶᠢᠨ ᠪᠠᠭ᠎ᠠ ᠬᠤᠷᠠᠯ ᠤᠨ ᠮᠥᠷ ᠢᠶᠡᠷ ᠲᠤᠰᠬᠠᠢ ᠬᠠᠮᠠᠭᠠᠯᠠᠯᠲᠠ ᠲᠠᠢ ᠭᠠᠵᠠᠷ ᠢ ᠨᠡᠶᠢᠲᠡ ᠨᠤᠲᠤᠭ ᠳᠡᠪᠢᠰᠬᠡᠷ ᠦᠨ 30 ᠬᠤᠪᠢ ᠳᠤ ᠬᠦᠷᠭᠡᠬᠦ ᠵᠣᠷᠢᠭᠲᠠᠢ ᠵᠣᠷᠢᠯᠭ᠎ᠠ ᠲᠠᠯᠪᠢᠭᠰᠠᠨ ᠶᠤᠮ᠃ ᠲᠡᠶᠢᠮᠦ ᠡᠴᠡ 1992 ᠣᠨ ᠳᠤ ᠲᠣᠮᠣᠬᠠᠨ ᠲᠠᠯᠠᠪᠠᠢ ᠪᠦᠬᠦᠢ 7 ᠲᠤᠰᠬᠠᠢ ᠬᠠᠮᠠᠭᠠᠯᠠᠯᠲᠠ ᠲᠠᠢ ᠭᠠᠵᠠᠷ ᠢ (6 ᠨᠢ ᠳᠠᠷᠬᠠᠨ ᠴᠠᠭᠠᠵᠠᠲᠤ᠂ ᠨᠢᠭᠡ ᠨᠢ ᠪᠠᠶᠢᠭᠠᠯ ᠤᠨ ᠴᠣᠭᠴᠠᠯᠠᠪᠤᠷᠢ ᠳᠤ ᠭᠠᠵᠠᠷ) ᠪᠤᠢ ᠪᠣᠯᠭᠠᠵᠤ᠂ 1993 ᠣᠨ ᠳᠤ ᠳᠠᠬᠢᠨ 12 ᠲᠤᠰᠬᠠᠢ ᠬᠠᠮᠠᠭᠠᠯᠠᠯᠲᠠ ᠲᠠᠢ ᠭᠠᠵᠠᠷ ᠢ (ᠳᠥᠷᠪᠡ ᠨᠢ ᠳᠠᠷᠬᠠᠨ ᠴᠠᠭᠠᠵᠠᠲᠤ᠂ ᠲᠠᠪᠤ ᠨᠢ ᠪᠠᠶᠢᠭᠠᠯ ᠤᠨ ᠴᠣᠭᠴᠠᠯᠠᠪᠤᠷᠢ ᠭᠠᠵᠠᠷ᠂ ᠭᠤᠷᠪᠠ ᠨᠢ ᠪᠠᠶᠢᠭᠠᠯ ᠤᠨ ᠨᠥᠭᠡᠴᠡ ᠭᠠᠵᠠᠷ) ᠪᠠᠶᠢᠭᠤᠯᠪᠠ᠃ ᠡᠭᠦᠨ ᠦ ᠦᠷ᠎ᠡ ᠳᠦᠩ ᠳᠦ ᠮᠣᠩᠭᠣᠯ ᠤᠯᠤᠰ 1993 ᠣᠨ ᠳᠤ ᠨᠡᠶᠢᠲᠡ 12629800 ᠾᠠ᠊ ᠬᠠᠮᠤᠷᠤᠭᠰᠠᠨ 26 ᠲᠤᠰᠬᠠᠢ ᠬᠠᠮᠠᠭᠠᠯᠠᠯᠲᠠ ᠲᠠᠢ ᠭᠠᠵᠠᠷ ᠲᠠᠢ ᠪᠣᠯᠤᠭᠰᠠᠨ ᠨᠢ ᠨᠡᠶᠢᠲᠡ ᠨᠤᠲᠤᠭ ᠳᠡᠪᠢᠰᠬᠡᠷ ᠦᠨ 8.01 ᠬᠤᠪᠢ ᠪᠣᠯᠤᠭᠰᠠᠨ ᠪᠠᠶᠢᠯ᠎ᠠ᠃ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠠᠯᠠᠪᠠᠢ 2000 ᠣᠨ ᠳᠤ 21731500 ᠾᠠ᠊ (13.8 ᠬᠤᠪᠢ) ᠬᠦᠷᠬᠦ ᠦᠶᠡᠰ ᠲᠦ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ ᠲᠡᠯᠡᠬᠦ ᠶᠠᠪᠤᠴᠠ ᠤᠳᠠᠭᠠᠰᠢᠷᠠᠭᠰᠠᠨ ᠪᠣᠯᠪᠠᠴᠤ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠠᠯᠠᠪᠠᠢ ᠬᠤᠷᠳᠤᠴᠠ ᠲᠠᠢ ᠲᠡᠯᠡᠭᠰᠡᠨ ᠢᠶᠡᠷ ᠡᠨᠡᠬᠦ ᠪᠠᠭᠤᠷᠠᠯᠲᠠ ᠶᠢ ᠲᠡᠩᠴᠡᠪᠦᠷᠢᠵᠢᠭᠦᠯᠦᠭᠰᠡᠨ ᠭᠡᠵᠦ ᠦᠵᠡᠵᠦ ᠪᠣᠯᠤᠨ᠎ᠠ᠃ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ 2012 ᠣᠨ ᠳᠤ 99 ᠲᠤᠰᠬᠠᠢ ᠬᠠᠮᠠᠭᠠᠯᠠᠯᠲᠠ ᠲᠠᠢ ᠭᠠᠵᠠᠷ ᠠᠴᠠ ᠪᠥᠷᠢᠳᠴᠦ᠂ ᠨᠡᠶᠢᠲᠡ ᠳᠦ ᠪᠡᠨ 27207800 ᠾᠠ᠊ (17.4 ᠬᠤᠪᠢ) ᠲᠠᠯᠠᠪᠠᠢ ᠬᠠᠮᠤᠷᠴᠢ᠂ ᠴᠢᠨᠠᠭᠰᠢᠳᠠ ᠪᠠᠨ 2017 ᠣᠨ ᠳᠤ ᠤᠯᠤᠰ ᠤᠨ ᠬᠣᠶᠠᠷ ᠰᠢᠨ᠎ᠡ ᠲᠤᠰᠬᠠᠢ ᠬᠠᠮᠠᠭᠠᠯᠠᠯᠲᠠ ᠲᠠᠢ ᠭᠠᠵᠠᠷ ᠢᠶᠠᠷ ᠥᠷᠭᠡᠵᠢᠨ ᠲᠡᠯᠡᠭᠰᠡᠨ ᠪᠢᠯᠡ᠃ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ 2017 ᠣᠨ ᠤ ᠪᠠᠶᠢᠳᠠᠯ ᠢᠶᠠᠷ ᠨᠡᠶᠢᠲᠡ 12411057.44 ᠾᠠ᠊ (ᠤᠯᠤᠰ ᠤᠨ ᠨᠡᠶᠢᠲᠡ ᠨᠤᠲᠤᠭ ᠤᠨ 7.93 ᠬᠤᠪᠢ) ᠲᠠᠯᠠᠪᠠᠢ ᠪᠦᠬᠦᠢ 20 ᠳᠠᠷᠬᠠᠨ ᠴᠠᠭᠠᠵᠠ ᠲᠠᠢ ᠭᠠᠵᠠᠷ᠂ 11884605.59 ᠾᠠ᠊ (7.6 ᠬᠤᠪᠢ) ᠲᠠᠯᠠᠪᠠᠢ ᠬᠠᠮᠤᠷᠤᠭᠰᠠᠨ 32 ᠪᠠᠶᠢᠭᠠᠯ ᠤᠨ ᠴᠣᠭᠴᠠᠯᠠᠪᠤᠷᠢ ᠭᠠᠵᠠᠷ᠂ 3528824.17 ᠾᠠ᠊ (2.26 ᠬᠤᠪᠢ) ᠲᠠᠯᠠᠪᠠᠢ ᠬᠠᠮᠤᠷᠤᠭᠰᠠᠨ 36 ᠪᠠᠶᠢᠭᠠᠯ ᠤᠨ ᠨᠥᠭᠡᠴᠡ ᠭᠠᠵᠠᠷ᠂ 128962.78 ᠾᠠ᠊ (0.08 ᠬᠤᠪᠢ) ᠬᠠᠮᠠᠷᠠᠭᠰᠠᠨ 14 ᠳᠤᠷᠠᠰᠬᠠᠯᠲᠤ ᠭᠠᠵᠠᠷ ᠢ ᠪᠠᠭᠲᠠᠭᠠᠵᠤ ᠪᠠᠶᠢᠨ᠎ᠠ᠃ ᠰᠦᠯᠵᠢᠶ᠎ᠡ ᠨᠢ ᠨᠡᠶᠢᠲᠡ 27953449.98 ᠾᠠ᠊ (ᠤᠯᠤᠰ ᠤᠨ ᠨᠡᠶᠢᠲᠡ ᠨᠤᠲᠤᠭ ᠤᠨ 17.87 ᠬᠤᠪᠢ) ᠭᠠᠵᠠᠷ ᠢ ᠬᠠᠮᠤᠷᠴᠢ ᠪᠠᠶᠢᠭ᠎ᠠ ᠪᠠ ᠡᠭᠦᠨ ᠦ ᠵᠡᠷᠭᠡᠴᠡᠭᠡ ᠣᠷᠴᠢᠨ ᠤ ᠪᠥᠰᠡ ᠨᠦᠭᠦᠳ ᠬᠢᠭᠡᠳ ᠣᠷᠣᠨ ᠨᠤᠲᠤᠭ ᠤᠨ ᠵᠠᠬᠢᠷᠭᠠᠳ ᠤᠨ ᠲᠣᠳᠣᠷᠬᠠᠶᠢᠯᠠᠭᠰᠠᠨ ᠣᠷᠣᠨ ᠨᠤᠲᠤᠭ ᠤᠨ ᠴᠢᠨᠠᠷᠲᠠᠢ ᠲᠤᠰᠬᠠᠢ ᠬᠠᠮᠠᠭᠠᠯᠠᠯᠲᠠ ᠲᠠᠢ ᠭᠠᠵᠠᠷ ᠤᠳ ᠪᠤᠢ᠃ ᠴᠢᠩᠭᠢᠭᠡᠳ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ (ᠭᠠᠵᠠᠷ ᠤᠨ ᠵᠢᠷᠤᠭ 11.2᠂ ᠬᠦᠰᠦᠨᠦᠭᠲᠦ 11.2) ᠨᠡᠶᠢᠲᠡ 279534 ᠻᠢᠯᠣᠮᠧᠲ᠋ᠷ 2 ᠭᠠᠵᠠᠷ ᠨᠤᠲᠤᠭ ᠢ ᠬᠠᠮᠤᠷᠴᠢ ᠪᠠᠶᠢᠭ᠎ᠠ ᠨᠢ ᠵᠠᠷᠢᠮ ᠤᠯᠤᠰ ᠤᠨ ᠨᠤᠲᠤᠭ ᠳᠡᠪᠢᠰᠬᠡᠷ ᠡᠴᠡ ᠶᠡᠬᠡ ᠶᠠᠭᠤᠮ᠎ᠠ᠃ ᠭᠡᠬᠦ ᠳᠦ ᠪᠡᠨ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠠᠯᠠᠪᠠᠢ ᠶᠢᠨ ᠥᠭᠭᠥᠭᠳᠡᠯ ᠮᠡᠳᠡᠭᠡᠯᠡᠯ ᠲᠡᠷᠡ ᠪᠦᠷ ᠣᠨᠣᠪᠴᠢᠲᠠᠢ ᠪᠠᠶᠢᠳᠠᠭ ᠦᠭᠡᠢ᠃ ᠬᠠᠮᠤᠭ ᠤᠨ ᠰᠡᠭᠦᠯ ᠦᠨ ᠦᠶ᠎ᠡ ᠶᠢᠨ GIS ᠦᠨᠡᠯᠡᠭᠡᠨ ᠡᠴᠡ ᠦᠵᠡᠬᠦ ᠳᠦ ᠠᠯᠪᠠᠨ ᠶᠣᠰᠣᠨ ᠤ ᠰᠲ᠋ᠠᠲ᠋ᠢᠰᠲ᠋ᠢᠻ ᠨᠢ ᠨᠡᠶᠢᠲᠡ ᠲᠠᠯᠠᠪᠠᠢ ᠶᠢ ᠳᠤᠲᠠᠭᠤ ᠲᠣᠭᠠᠴᠠᠭᠠᠯᠠᠭᠰᠠᠨ ᠪᠠᠶᠢᠳᠠᠭ᠃ ᠲᠡᠭᠦᠨᠴᠢᠯᠡᠨ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ᠂ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠬᠣᠭᠣᠷᠣᠨᠳᠣ ᠰᠲ᠋ᠠᠲ᠋ᠢᠰᠲ᠋ᠢᠻ ᠤᠨ ᠳᠠᠪᠬᠤᠴᠠᠯ ᠠᠵᠢᠭᠯᠠᠭᠳᠠᠳᠠᠭ (2009 ᠣᠨ ᠳᠤ ᠭᠠᠵᠠᠷ ᠨᠤᠲᠤᠭ ᠤᠨ ᠳᠠᠪᠬᠤᠴᠠᠯ ᠨᠡᠶᠢᠲᠡ ᠳᠦ ᠪᠡᠨ 929202 ᠾᠠ᠊ ᠪᠠᠶᠢᠭᠰᠠᠨ ᠨᠢ ᠲᠤᠬᠠᠢ ᠶᠢᠨ ᠦᠶ᠎ᠡ ᠶᠢᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶᠡᠨ ᠦ 6 ᠬᠤᠪᠢᠲᠠᠢ ᠲᠡᠩᠴᠡᠵᠦ ᠪᠠᠶᠢᠪᠠ)᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ (ᠵᠢᠱᠢᠶ᠎ᠡ ᠨᠢ᠂ ᠪᠠᠶᠠᠨᠬᠣᠩᠭᠣᠷ ᠠᠶᠢᠮᠠᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ 222820 ᠾᠠ᠊ ᠲᠠᠯᠠᠪᠠᠢ 2007 ᠣᠨ ᠳᠤ ᠪᠣᠭᠳᠠ ᠬᠠᠨ ᠠᠭᠤᠯᠠ ᠶᠢᠨ ᠪᠠᠶᠢᠭᠠᠯ ᠤᠨ ᠴᠣᠭᠴᠠᠯᠠᠪᠤᠷᠢ ᠭᠠᠵᠠᠷ ᠲᠤ ᠪᠠᠭᠲᠤᠭᠰᠠᠨ) ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶᠡᠨ ᠳᠦ ᠨᠢᠭᠡᠳᠬᠡᠵᠦ ᠦᠵᠡᠬᠦ ᠳᠦ ᠡᠨᠡ ᠮᠡᠲᠦ ᠳᠠᠪᠬᠤᠴᠠᠯ ᠤᠳ ᠢ ᠬᠢᠯᠪᠠᠷᠬᠠᠨ ᠲᠠᠶᠢᠯᠪᠤᠷᠢᠯᠠᠵᠤ ᠪᠣᠯᠬᠤ ᠴᠤ ᠣᠷᠣᠨ ᠨᠤᠲᠤᠭ ᠤᠨ ᠰᠲ᠋ᠠᠲ᠋ᠢᠰᠲ᠋ᠢᠭ ᠲᠤ ᠲᠡᠮᠳᠡᠭᠯᠡᠭᠳᠡᠭᠰᠡᠭᠡᠷ ᠪᠠᠶᠢᠨ᠎ᠠ᠃ ᠤᠯᠤᠰ ᠤᠨ ᠪᠠ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠳᠠᠪᠬᠤᠷᠳᠠᠭᠰᠠᠨ ᠥᠭᠭᠥᠭᠳᠡᠯ ᠨᠢ 2017 ᠣᠨ ᠳᠤ ᠮᠣᠩᠭᠣᠯ ᠤᠯᠤᠰ ᠲᠤ 46.79 ᠰᠠᠶᠠᠰ ᠳᠣᠭᠣᠭᠰᠢ ᠦᠭᠡᠢ ᠾᠠ᠊ ᠲᠠᠯᠠᠪᠠᠢ ᠲᠠᠢ (ᠤᠯᠤᠰ ᠣᠷᠣᠨ ᠤ ᠨᠡᠶᠢᠲᠡ ᠨᠤᠲᠤᠭ ᠤᠨ 29.91 ᠬᠤᠪᠢ) 1210  ᠠᠴᠠ ᠳᠣᠭᠣᠭᠰᠢ ᠦᠭᠡᠢ ᠲᠤᠰᠬᠠᠢ ᠬᠠᠮᠠᠭᠠᠯᠠᠯᠲᠠ ᠲᠠᠢ ᠭᠠᠵᠠᠷ ᠲᠠᠢ ᠶᠢ ᠢᠯᠡᠳᠬᠡᠵᠦ ᠪᠠᠶᠢᠨ᠎ᠠ᠃

ᠤᠯᠤᠰ ᠊ᠤᠨ ᠲᠤᠰᠬᠠᠢ ᠬᠠᠮᠠᠭᠠᠯᠠᠯᠲᠠ ᠲᠠᠢ ᠭᠠᠵᠠᠷ ᠊ᠤᠨ ᠲᠣᠭᠲᠠᠯᠴᠠᠭ ᠊ᠠ᠋

ᠣᠳᠬᠠᠨ
ᠲᠩᠷᠢ
ᠬᠠᠢᠢᠷᠬᠠᠨ ᠊ᠤ
ᠪᠠᠢᠢᠭᠠᠯᠢ ᠶ᠋ᠢᠨ
ᠴᠣᠭᠴᠠᠯᠠᠪᠤᠷᠢ
ᠭᠠᠵᠠᠷ

ᠳᠠᠷᠬᠠᠨ ᠴᠠᠭᠠᠵᠠ ᠲᠠᠢ ᠭᠠᠵᠠᠷ ᠤᠳ (ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭᠠᠨ ᠤ (IUCN) ᠲᠤᠰᠬᠠᠢ ᠬᠠᠮᠠᠭᠠᠯᠠᠲ ᠲᠠᠢ ᠭᠠᠵᠠᠷ ᠤᠨ ᠤᠳᠤᠷᠢᠳᠤᠯᠭ᠎ᠠ ᠶᠢᠨ ᠠᠩᠭᠢᠯᠠᠯ ᠢᠶᠠᠷ Ia᠂ Ib ᠠᠩᠭᠢᠯᠠᠯ ᠳᠤ ᠬᠠᠮᠢᠶᠠᠷᠤᠨ᠎ᠠ) ᠨᠢ ᠪᠠᠶᠢᠭᠠᠯ ᠤᠨ ᠣᠷᠴᠢᠨ᠂ ᠡᠻᠣᠯᠣᠭ ᠤᠨ ᠦᠢᠯᠡ ᠶᠠᠪᠤᠴᠠ ᠨᠢ ᠣᠨᠴᠠᠭᠠᠢ ᠰᠠᠶᠢᠨ ᠬᠠᠳᠠᠭᠠᠯᠠᠭᠳᠠᠭᠰᠠᠨ᠂ ᠬᠦᠮᠦᠨ ᠦ ᠨᠥᠯᠥᠭᠡᠯᠡᠯ᠂ ᠠᠰᠢᠭᠯᠠᠯᠲᠠ ᠶᠢ ᠬᠠᠲᠠᠭᠤ ᠬᠢᠵᠠᠭᠠᠷᠯᠤᠭᠰᠠᠨ ᠣᠩᠭᠣᠨ ᠳᠠᠭᠰᠢᠨ ᠨᠤᠲᠤᠭ ᠶᠤᠮ᠃ ᠳᠠᠷᠬᠠᠨ ᠴᠠᠭᠠᠵᠠ ᠲᠠᠢ ᠭᠠᠵᠠᠷ ᠤᠨ ᠹᠦᠨᠻᠼᠢᠤᠨᠠᠯ ᠪᠦᠰᠡᠴᠢᠯᠡᠯ ᠳᠦ ᠵᠥᠪᠬᠡᠨ ᠢᠳᠡᠪᠬᠢ ᠦᠭᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠪᠠᠶᠢᠭᠠᠯ ᠤᠨ ᠤᠨᠠᠭᠠᠨ ᠲᠥᠷᠬᠥᠳ ᠨᠥᠯᠥᠭᠡᠯᠡᠬᠦ ᠦᠭᠡᠢ ᠰᠤᠳᠤᠯᠭ᠎ᠠ ᠰᠢᠨᠵᠢᠯᠡᠭᠡ ᠬᠢᠬᠦ ᠶᠢ ᠵᠥᠪᠰᠢᠶᠡᠷᠡᠭᠰᠡᠨ 《ᠣᠩᠭᠣᠨ (ᠴᠥᠮ) ᠪᠥᠰᠡ》 ᠪᠠᠭᠲᠠᠳᠠᠭ᠃ ᠬᠣᠶᠠᠷ ᠳᠠᠬᠢ ᠨᠢ 《ᠬᠠᠮᠠᠭᠠᠯᠠᠯᠲᠠ ᠶᠢᠨ ᠪᠥᠰᠡ》 ᠠᠭᠠᠳ ᠵᠠᠷᠢᠮ ᠨᠢᠭᠡ ᠢᠳᠡᠪᠬᠢᠲᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ (ᠵᠢᠱᠢᠶ᠎ᠡ ᠨᠢ᠂ ᠪᠠᠶᠢᠭᠠᠯ ᠤᠨ ᠭᠠᠮᠰᠢᠭ ᠠᠴᠠ ᠡᠭᠦᠳᠦᠯᠲᠡᠢ ᠬᠣᠬᠢᠷᠠᠯ ᠢ ᠨᠥᠬᠥᠬᠥ) ᠬᠡᠷᠡᠭᠵᠢᠭᠦᠯᠬᠦ ᠶᠢ ᠵᠥᠪᠰᠢᠶᠡᠷᠡᠳᠡᠭ᠃ ᠭᠤᠷᠪᠠ ᠳᠠᠬᠢ ᠨᠢ 《ᠬᠢᠵᠠᠭᠠᠷᠯᠠᠯᠲᠠ ᠶᠢᠨ ᠪᠥᠰᠡ》 ᠪᠥᠭᠡᠳ ᠬᠠᠮᠠᠭᠠᠯᠠᠯᠲᠠ ᠶᠢᠨ ᠥᠷᠭᠡᠨ ᠬᠦᠷᠢᠶᠡᠨ ᠦ ᠠᠷᠭ᠎ᠠ ᠬᠡᠮᠵᠢᠶ᠎ᠡ ᠠᠪᠬᠤ (ᠵᠢᠱᠢᠶ᠎ᠡ ᠨᠢ᠂ ᠬᠥᠷᠦᠰ᠂ ᠤᠷᠭᠤᠮᠠᠯ ᠪᠦᠷᠬᠦᠪᠴᠢ ᠶᠢ ᠨᠥᠬᠥᠨ ᠰᠡᠷᠭᠦᠭᠡᠬᠦ᠂ ᠣᠢ ᠶᠢᠨ ᠠᠷᠠᠴᠢᠯᠠᠭ᠎ᠠ᠂ ᠴᠡᠪᠡᠷᠯᠡᠭᠡ ᠬᠢᠬᠦ)᠂ ᠣᠷᠣᠨ ᠨᠤᠲᠤᠭ ᠤᠨ ᠣᠷᠣᠰᠢᠨ ᠰᠠᠭᠤᠭᠴᠢᠳ ᠠᠷᠠᠯᠵᠢᠶᠠᠨ ᠤ ᠪᠤᠰᠤ ᠵᠣᠷᠢᠯᠭ᠎ᠠ ᠪᠠᠷ ᠡᠮ ᠦᠨ ᠤᠷᠭᠤᠮᠠᠯ ᠲᠡᠦᠬᠡ᠂ ᠮᠣᠳᠣᠨ ᠪᠤᠰᠤ ᠣᠢ ᠶᠢᠨ ᠪᠦᠲᠦᠭᠡᠭᠳᠡᠬᠦᠨ ᠠᠰᠢᠭᠯᠠᠬᠤ᠂ ᠰᠦᠰᠦᠭ ᠪᠢᠰᠢᠷᠡᠯ ᠦᠨ ᠵᠠᠩ ᠦᠢᠯᠡ ᠦᠢᠯᠡᠳᠬᠦ᠂ ᠠᠶᠠᠯᠠᠯ ᠵᠢᠭᠤᠯᠴᠢᠯᠠᠯ ᠶᠠᠪᠤᠭᠤᠯᠬᠤ ᠶᠢ ᠵᠥᠪᠰᠢᠶᠡᠷᠡᠳᠡᠭ᠃ ᠡᠨᠡ ᠭᠤᠷᠪᠠᠨ ᠪᠥᠰᠡ ᠶᠢᠨ ᠠᠯᠢᠨ ᠳᠤ ᠴᠤ ᠠᠭᠤᠯᠠ ᠠᠭᠤᠷᠬᠠᠢ᠂ ᠮᠣᠳᠣ ᠪᠡᠯᠡᠳᠬᠡᠯ᠂ ᠠᠨ ᠠᠩᠨᠠᠭᠤᠷ᠂ ᠪᠠᠷᠢᠯᠭ᠎ᠠ ᠪᠠᠷᠢᠬᠤ ᠶᠢ ᠬᠣᠷᠢᠭᠯᠠᠳᠠᠭ᠃ ᠳᠠᠷᠬᠠᠨ ᠴᠠᠭᠠᠵᠠ ᠲᠠᠢ ᠭᠠᠵᠠᠷ ᠲᠤᠰ ᠪᠦᠷᠢ ᠵᠠᠬᠢᠷᠭᠠᠲᠠᠢ ᠪᠠᠶᠢᠬᠤ ᠶᠣᠰᠣᠲᠠᠢ᠂ ᠵᠠᠬᠢᠷᠭ᠎ᠠ ᠶᠢ ᠨᠢ ᠳᠠᠷᠬᠠᠨ ᠴᠠᠭᠠᠵᠠ ᠲᠠᠢ ᠭᠠᠵᠠᠷ ᠤᠳ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠡᠭᠦᠰᠬᠡᠨ ᠪᠠᠶᠢᠭᠤᠯᠤᠨ᠎ᠠ᠃ ᠳᠠᠷᠬᠠᠨ ᠴᠠᠭᠠᠵᠠ ᠲᠠᠢ ᠭᠠᠵᠠᠷ ᠢ ᠲᠣᠭᠣᠷᠢᠭᠰᠠᠨ 《ᠣᠷᠴᠢᠨ ᠤ ᠪᠥᠰᠡ ᠶᠢ》 ᠪᠠᠰᠠ ᠲᠣᠭᠲᠠᠭᠠᠳᠠᠭ ᠪᠠ ᠲᠡᠨᠳᠡ ᠨᠢ ᠣᠷᠣᠨ ᠨᠤᠲᠤᠭ ᠤᠨ ᠵᠠᠰᠠᠭ ᠳᠠᠷᠤᠭ᠎ᠠ ᠨᠠᠷ ᠳᠠᠷᠬᠠᠨ ᠴᠠᠭᠠᠵᠠ ᠲᠠᠢ ᠭᠠᠵᠠᠷ ᠤᠨ ᠵᠠᠬᠢᠷᠭ᠎ᠠ᠂ ᠣᠷᠴᠢᠨ ᠤ ᠪᠥᠰᠡ ᠶᠢᠨ ᠵᠥᠪᠯᠡᠯ ᠲᠡᠢ ᠬᠠᠮᠲᠤᠷᠠᠨ ᠣᠷᠴᠢᠨ ᠤ ᠪᠥᠰᠡ ᠶᠢᠨ ᠤᠳᠤᠷᠢᠳᠤᠯᠭ᠎ᠠ ᠶᠢᠨ ᠲᠥᠯᠥᠪᠯᠡᠭᠡ ᠪᠣᠯᠪᠠᠰᠤᠷᠠᠭᠤᠯᠬᠤ᠂ ᠬᠡᠷᠡᠭᠵᠢᠭᠦᠯᠬᠦ ᠡᠭᠦᠷᠭᠡ ᠲᠡᠢ᠃ ᠬᠡᠮᠵᠢᠶᠡᠨ ᠦ ᠬᠤᠪᠢ ᠳᠤ ᠳᠠᠷᠬᠠᠨ ᠴᠠᠭᠠᠵᠠ ᠲᠠᠢ ᠭᠠᠵᠠᠷ ᠤᠳ ᠤᠨ ᠮᠠᠰᠢ ᠴᠥᠭᠡᠨ ᠨᠢ 100000 ᠭᠠ ᠠᠴᠠ ᠪᠠᠭ᠎ᠠ ᠨᠤᠲᠤᠭ ᠲᠠᠢ᠂ ᠵᠢᠱᠢᠶᠡᠯᠡᠪᠡᠯ ᠠᠩᠬᠠᠨ ᠤ ᠳᠠᠷᠬᠠᠨ ᠴᠠᠭᠠᠵᠠᠲᠤ ᠭᠠᠵᠠᠷ ᠤᠳ ᠤᠨ ᠨᠢᠭᠡ ᠪᠣᠯᠬᠤ ᠬᠠᠰᠠᠭ ᠲᠤ ᠬᠠᠶᠢᠷᠬᠠᠨ 1965 ᠣᠨ ᠳᠤ ᠪᠠᠶᠢᠭᠤᠯᠤᠭᠳᠠᠭᠰᠠᠨ ᠪᠠ 27᠂448 ᠾᠠ᠊ ᠭᠠᠵᠠᠷ ᠡᠵᠡᠯᠡᠳᠡᠭ᠃ ᠵᠠᠷᠢᠮ ᠳᠠᠷᠬᠠᠨ ᠴᠠᠭᠠᠵᠠ ᠲᠠᠢ ᠭᠠᠵᠠᠷ 1 ᠰᠠᠶ ᠊ᠠ᠋ ᠡᠴᠡ ᠳᠡᠭᠡᠭᠰᠢ ᠾᠠ᠊ ᠡᠵᠡᠯᠡᠳᠡᠭ᠂ ᠲᠤᠬᠠᠶᠢᠯᠠᠪᠠᠯ ᠶᠡᠬᠡ ᠭᠣᠪᠢ ᠶᠢᠨ ᠳᠠᠷᠬᠠᠨ ᠭᠠᠵᠠᠷ 1975 ᠣᠨ ᠳᠤ ᠪᠠᠶᠢᠭᠤᠯᠤᠭᠳᠠᠭᠰᠠᠨ ᠪᠥᠭᠡᠳ 5311730 ᠾᠠ᠊ (ᠭᠠᠵᠠᠷ ᠵᠦᠢ ᠶᠢᠨ ᠮᠡᠳᠡᠭᠡᠯᠡᠯ ᠦᠨ ᠰᠢᠰᠲ᠋ᠧᠮ ᠦᠨ ᠬᠡᠮᠵᠢᠭᠰᠡᠨ ᠢᠶᠡᠷ 5565642 ᠭᠠ) ᠡᠵᠡᠯᠡᠳᠡᠭ ᠨᠢ ᠱᠸᠧᠢᠽᠠᠷ ᠤᠯᠤᠰ ᠤᠨ ᠨᠤᠲᠤᠭ ᠠᠴᠠ ᠴᠤ ᠶᠡᠬᠡ ᠪᠥᠭᠡᠳ ᠮᠣᠩᠭᠣᠯ ᠣᠷᠣᠨ ᠤ ᠨᠡᠶᠢᠲᠡ ᠨᠤᠲᠤᠭ ᠳᠡᠪᠢᠰᠬᠡᠷ ᠦᠨ 3.4 ᠬᠤᠪᠢᠲᠠᠢ ᠲᠡᠩᠴᠡᠨ᠎ᠡ᠃ ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠳ ᠨᠢ (ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭᠠᠨ ᠤ (IUCN) ᠲᠤᠰᠬᠠᠢ ᠬᠠᠮᠠᠭᠠᠯᠠᠲ ᠲᠠᠢ ᠭᠠᠵᠠᠷ ᠤᠨ ᠤᠳᠤᠷᠢᠳᠤᠯᠭ᠎ᠠ ᠶᠢᠨ ᠠᠩᠭᠢᠯᠠᠯ II) ᠪᠠᠶᠢᠭᠠᠯ ᠤᠨ ᠣᠷᠴᠢᠨ ᠨᠢ ᠰᠠᠶᠢᠲᠤᠷ ᠬᠠᠳᠠᠭᠠᠯᠠᠭᠳᠠᠭᠰᠠᠨ᠂ ᠲᠡᠦᠬᠡ᠂ ᠰᠤᠶᠤᠯ᠂ ᠰᠢᠨᠵᠢᠯᠡᠬᠦ ᠤᠬᠠᠭᠠᠨ᠂ ᠪᠣᠯᠪᠠᠰᠤᠷᠠᠯ ᠤᠨ ᠦᠨ᠎ᠡ ᠴᠡᠨ ᠲᠡᠢ ᠭᠠᠵᠠᠷ ᠨᠤᠲᠤᠭ ᠶᠤᠮ᠃ ᠪᠠᠶᠢᠭᠠᠯ ᠤᠨ ᠴᠣᠭᠴᠠᠯᠠᠪᠤᠷᠢ ᠳᠤ ᠭᠠᠵᠠᠷ ᠨᠢ ᠳᠠᠷᠬᠠᠨ ᠴᠠᠭᠠᠵᠠ ᠲᠠᠢ ᠭᠠᠵᠠᠷ ᠤᠨ ᠠᠳᠠᠯᠢ ᠪᠦᠰᠡᠴᠢᠯᠡᠭᠳᠡᠬᠦ ᠳᠦ ᠪᠡᠨ ᠵᠥᠪᠬᠡᠨ ᠰᠤᠳᠤᠯᠭ᠎ᠠ ᠰᠢᠨᠵᠢᠯᠡᠭᠡ᠂ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠵᠥᠪᠰᠢᠶᠡᠷᠡᠳᠡᠭ 《ᠣᠨᠴᠠᠭᠠᠢ (ᠴᠥᠮ) ᠪᠥᠰᠡ》᠂ ᠰᠤᠳᠤᠯᠭ᠎ᠠ ᠰᠢᠨᠵᠢᠯᠡᠭᠡ᠂ ᠬᠠᠮᠠᠭᠠᠯᠠᠯ ᠤᠨ ᠠᠷᠭ᠎ᠠ ᠬᠡᠮᠵᠢᠶᠡᠨ ᠦ ᠰᠠᠴᠠᠭᠤ ᠠᠶᠠᠯᠠᠯ ᠵᠢᠭᠤᠯᠴᠢᠯᠠᠯ᠂ ᠵᠢᠭᠠᠰᠤᠴᠢᠯᠠᠯ ᠢ ᠵᠥᠪᠰᠢᠶᠡᠷᠡᠳᠡᠭ 《ᠠᠶᠠᠯᠠᠯ ᠵᠢᠭᠤᠯᠴᠢᠯᠠᠯ ᠤᠨ ᠪᠥᠰᠡ》᠂ ᠳᠡᠭᠡᠷᠡᠬᠢ ᠦᠢᠯᠡ ᠠᠵᠢᠯᠯᠠᠭᠠᠨ ᠤ ᠵᠡᠷᠭᠡᠴᠡᠭᠡ ᠮᠠᠯ ᠠᠵᠤ ᠠᠾ ᠶᠢᠨ᠂ ᠠᠶᠠᠯᠠᠯ ᠵᠢᠭᠤᠯᠴᠢᠯᠠᠯ ᠤᠨ ᠳᠡᠳ᠋ ᠪᠦᠲᠦᠴᠡ᠂ ᠪᠠᠷᠢᠯᠭ᠎ᠠ ᠶᠢᠨ (ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠨ ᠵᠠᠬᠢᠷᠭᠠᠨ ᠤ ᠵᠥᠪᠰᠢᠶᠡᠷᠡᠯ ᠢᠶᠡᠷ) ᠦᠢᠯᠡ ᠠᠵᠢᠯᠯᠠᠭ᠎ᠠ ᠶᠢ ᠵᠥᠪᠰᠢᠶᠡᠷᠡᠳᠡᠭ 《ᠬᠢᠵᠠᠭᠠᠷᠯᠠᠯᠲᠠ ᠶᠢᠨ ᠪᠥᠰᠡ ᠡᠴᠡ》 ᠪᠥᠷᠢᠳᠦᠨ᠎ᠡ᠃ ᠡᠳᠡᠭᠡᠷ ᠪᠥᠰᠡ ᠶᠢᠨ ᠠᠯᠢᠨ ᠳᠤ ᠴᠤ ᠠᠭᠤᠯᠠ ᠠᠭᠤᠷᠬᠠᠢ᠂ ᠮᠣᠳᠣ ᠪᠡᠯᠡᠳᠬᠡᠯ᠂ ᠠᠨ ᠠᠩᠨᠠᠭᠤᠷ ᠢ ᠬᠣᠷᠢᠭᠯᠠᠨ᠎ᠠ᠃ ᠪᠠᠶᠢᠭᠠᠯ ᠤᠨ ᠴᠣᠭᠴᠠᠯᠠᠪᠤᠷᠢ ᠳᠤ ᠭᠠᠵᠠᠷ ᠲᠤ ᠨᠢ ᠳᠠᠷᠬᠠᠨ ᠴᠠᠭᠠᠵᠠ ᠲᠠᠢ ᠭᠠᠵᠠᠷ ᠤᠨ ᠠᠳᠠᠯᠢ ᠵᠠᠬᠢᠷᠭᠠᠨ ᠤ ᠠᠯᠪᠠ ᠲᠠᠢ᠂ ᠣᠷᠴᠢᠨ ᠤ ᠪᠥᠰᠡ ᠶᠢᠨ ᠤᠳᠤᠷᠢᠳᠤᠯᠭ᠎ᠠ ᠶᠢᠨ ᠲᠥᠯᠥᠪᠯᠡᠭᠡ ᠲᠡᠢ ᠪᠠᠶᠢᠬᠤ ᠱᠠᠭᠠᠷᠳᠠᠯᠭ᠎ᠠ ᠲᠠᠢ᠃ ᠭᠠᠭᠴᠠ ᠢᠯᠭᠠᠭ᠎ᠠ ᠲᠠᠢ ᠵᠦᠢᠯ ᠨᠢ ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠨ ᠣᠷᠴᠢᠨ ᠤ ᠪᠥᠰᠡ ᠶᠢ ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠨ ᠭᠠᠳᠠᠭᠤᠷ ᠨᠢ᠂ ᠡᠰᠡᠪᠡᠯ ᠵᠠᠷᠢᠮ ᠬᠡᠰᠡᠭ ᠢᠶᠡᠷ ᠨᠢ ᠬᠢᠵᠠᠭᠠᠷᠯᠠᠯᠲᠠ ᠶᠢᠨ ᠪᠦᠰᠡᠲᠡᠢ ᠳᠠᠪᠬᠤᠴᠠᠭᠤᠯᠵᠤ ᠪᠠᠶᠢᠭᠤᠯᠵᠤ ᠪᠣᠯᠳᠠᠭ ᠲᠤ ᠣᠷᠣᠰᠢᠨ᠎ᠠ᠃ ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠳ ᠬᠡᠮᠵᠢᠶ᠎ᠡ ᠪᠡᠷ ᠢᠶᠡᠨ ᠶᠠᠩᠵᠤ ᠪᠦᠷᠢ ᠪᠠᠶᠢᠬᠤ ᠪᠠ ᠲᠡᠳᠡᠭᠡᠷ ᠦᠨ ᠭᠤᠷᠪᠠᠨ ᠤ ᠨᠢᠭᠡ ᠨᠢ ᠯᠠ 100000 ᠾᠠ᠊ ᠬᠦᠷᠬᠦ ᠦᠭᠡᠢ ᠭᠠᠵᠠᠷ ᠲᠠᠢ᠂ ᠬᠠᠷᠢᠨ ᠵᠠᠷᠢᠮ ᠨᠢ ᠰᠠᠶ᠎ᠠ ᠰᠢᠬᠠᠮ᠂ ᠰᠠᠶ ᠊ᠠ᠋ ᠡᠴᠡ ᠳᠡᠭᠡᠭᠰᠢ ᠾᠠ᠊ ᠲᠠᠯᠠᠪᠠᠢ ᠲᠠᠢ ᠪᠠᠶᠢᠨ᠎ᠠ᠃ ᠬᠠᠮᠤᠭ ᠤᠨ ᠲᠣᠮᠣ ᠪᠠᠶᠢᠭᠠᠯ ᠤᠨ ᠴᠣᠭᠴᠠᠯᠠᠪᠤᠷᠢ ᠳᠤ ᠭᠠᠵᠠᠷ ᠭᠣᠪᠢ ᠭᠤᠷᠪᠠᠨ ᠰᠠᠶᠢᠬᠠᠨ 2697170.84 ᠾᠠ᠊ (ᠮᠣᠩᠭᠣᠯ ᠤᠨ ᠨᠡᠶᠢᠲᠡ ᠨᠤᠲᠤᠭ ᠳᠡᠪᠢᠰᠬᠡᠷ ᠦᠨ 1.72 ᠬᠤᠪᠢ) ᠲᠠᠯᠠᠪᠠᠢ ᠬᠠᠮᠤᠷᠳᠠᠭ᠃ ᠪᠠᠶᠢᠭᠠᠯ ᠤᠨ ᠲᠣᠳᠣᠷᠬᠠᠢ ᠣᠨᠴᠠᠯᠢᠭ ᠴᠢᠨᠠᠷ᠂ ᠨᠥᠭᠡᠴᠡ ᠶᠢ ᠬᠠᠳᠠᠭᠠᠯᠠᠬᠤ ᠵᠣᠷᠢᠯᠭ᠎ᠠ ᠪᠠᠷ ᠪᠠᠶᠢᠭᠠᠯ ᠤᠨ ᠨᠥᠭᠡᠴᠡ ᠭᠠᠵᠠᠷ ᠤᠳ ᠢ ᠪᠠᠶᠢᠭᠤᠯᠳᠠᠭ᠃ ᠪᠠᠶᠢᠭᠠᠯ ᠤᠨ ᠨᠥᠭᠡᠴᠡ ᠭᠠᠵᠠᠷ ᠢ ᠲᠠᠪᠤᠨ ᠲᠥᠷᠥᠯ ᠳᠦ ᠬᠤᠪᠢᠶᠠᠳᠠᠭ᠂ ᠡᠭᠦᠨ ᠳᠦ᠄ ᠡᠻᠣᠰᠢᠰᠲ᠋ᠧᠮ ᠦᠨ (ᠪᠠᠶᠢᠭᠠᠯ ᠤᠨ ᠤᠨᠠᠭᠠᠨ ᠲᠥᠷᠬᠥ᠂ ᠬᠡᠪ ᠰᠢᠨᠵᠢ ᠶᠢ ᠬᠠᠳᠠᠭᠠᠯᠠᠬᠤ ᠵᠣᠷᠢᠯᠭ᠎ᠠ ᠪᠦᠬᠦᠢ ᠪᠠᠶᠢᠭᠠᠯ ᠤᠨ ᠢᠵᠢ ᠪᠦᠷᠢᠳᠦᠯ ᠦᠨ ᠨᠥᠭᠡᠴᠡ ᠭᠠᠵᠠᠷ); ᠪᠢᠣᠯᠣᠭᠢ ᠶᠢᠨ (ᠬᠣᠪᠣᠷ ᠬᠣᠪᠣᠷᠳᠠᠭᠰᠠᠨ ᠤᠷᠭᠤᠮᠠᠯ᠂ ᠠᠮᠢᠲᠠᠨ ᠢ ᠬᠠᠮᠠᠭᠠᠯᠠᠬᠤ᠂ ᠲᠡᠳᠡᠭᠡᠷ ᠦᠨ ᠨᠥᠬᠥᠨ ᠦᠷᠡᠵᠢᠬᠦ ᠨᠥᠬᠥᠴᠡᠯ ᠢ ᠪᠦᠷᠢᠳᠦᠭᠦᠯᠬᠦ ᠵᠣᠷᠢᠯᠭ᠎ᠠ ᠪᠦᠬᠦᠢ ᠪᠢᠣᠯᠣᠭᠢ ᠶᠢᠨ ᠨᠥᠭᠡᠴᠡ ᠭᠠᠵᠠᠷ); ᠫᠠᠯᠧᠣᠨᠲ᠋ᠣᠯᠣᠭ ᠤᠨ (ᠡᠷᠲᠡᠨ ᠦ ᠠᠮᠢᠲᠠᠨ᠂ ᠤᠷᠭᠤᠮᠠᠯ ᠤᠨ ᠬᠣᠪᠣᠷ ᠣᠯᠳᠠᠪᠤᠷᠢ ᠶᠢ ᠪᠠᠶᠢᠭᠠᠯ ᠤᠨ ᠪᠠᠶᠢᠳᠠᠯ ᠢᠶᠠᠷ ᠨᠢ ᠬᠠᠳᠠᠭᠠᠯᠠᠬᠤ ᠵᠣᠷᠢᠯᠭ᠎ᠠ ᠪᠦᠬᠦᠢ ᠪᠠᠶᠢᠭᠠᠯ ᠤᠨ ᠲᠡᠦᠬᠡᠨ ᠣᠯᠳᠠᠪᠤᠷᠢ ᠶᠢᠨ ᠨᠥᠭᠡᠴᠡ ᠭᠠᠵᠠᠷ); ᠭᠧᠣᠯᠣᠭᠢ ᠶᠢᠨ (ᠭᠠᠵᠠᠷ ᠤᠨ ᠥᠪᠡᠷᠮᠢᠴᠡ ᠲᠣᠭᠲᠠᠴᠠ᠂ ᠢᠯᠡᠷᠡᠴᠡ᠂ ᠲᠡᠳᠡᠭᠡᠷ ᠦᠨ ᠪᠦᠲᠦᠴᠡ ᠶᠢ ᠪᠠᠶᠢᠭᠠᠯ ᠤᠨ ᠪᠠᠶᠢᠳᠠᠯ ᠢᠶᠠᠷ ᠨᠢ ᠬᠠᠳᠠᠭᠠᠯᠠᠬᠤ ᠵᠣᠷᠢᠯᠭ᠎ᠠ ᠪᠦᠬᠦᠢ ᠭᠧᠣᠯᠣᠭᠢ ᠶᠢᠨ ᠨᠥᠭᠡᠴᠡ ᠭᠠᠵᠠᠷ); ᠤᠰᠤᠨ ᠤ (ᠮᠥᠷᠡᠨ᠂ ᠭᠣᠣᠯ᠂ ᠤᠰᠤᠨ ᠤ ᠡᠬᠢ ᠡᠭᠦᠰᠪᠦᠷᠢ ᠶᠢ ᠬᠠᠮᠠᠭᠠᠯᠠᠬᠤ ᠵᠣᠷᠢᠯᠭ᠎ᠠ ᠪᠦᠬᠦᠢ ᠤᠰᠤᠨ ᠤ ᠨᠥᠭᠡᠴᠡ ᠭᠠᠵᠠᠷ)᠃ ᠪᠠᠶᠢᠭᠠᠯ ᠤᠨ ᠨᠥᠭᠡᠴᠡ ᠭᠠᠵᠠᠷ ᠲᠤ ᠵᠥᠪᠬᠡᠨ ᠤᠯᠠᠮᠵᠢᠯᠠᠯᠲᠤ ᠠᠵᠤ ᠠᠬᠤᠢ ᠶᠢᠨ ᠦᠢᠯᠡ ᠠᠵᠢᠯᠯᠠᠭ᠎ᠠ ᠶᠢ ᠵᠥᠪᠰᠢᠶᠡᠷᠡᠳᠡᠭ᠂ ᠴᠢᠩᠭᠢᠬᠦ ᠳᠦ ᠪᠡᠨ ᠭᠣᠣᠯ ᠦᠨᠡᠲᠦ ᠵᠦᠢᠯ ᠳᠦ ᠬᠣᠬᠢᠷᠠᠯ ᠤᠴᠠᠷᠠᠭᠤᠯᠬᠤ ᠦᠭᠡᠢ ᠪᠠᠶᠢᠬᠤ ᠶᠢ ᠱᠠᠭᠠᠷᠳᠠᠨ᠎ᠠ᠃ ᠲᠡᠶᠢᠮᠦ ᠴᠤ ᠤᠴᠢᠷ ᠠᠴᠠ ᠮᠣᠩᠭᠣᠯ ᠤᠯᠤᠰ ᠤᠨ ᠪᠠᠶᠢᠭᠠᠯ ᠤᠨ ᠨᠥᠭᠡᠴᠡ ᠭᠠᠵᠠᠷ ᠨᠢ ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭᠠᠨ ᠤ Ia (ᠳᠠᠷᠬᠠᠨ ᠴᠠᠭᠠᠵᠠ ᠲᠠᠢ ᠪᠠᠶᠢᠭᠠᠯ ᠤᠨ ᠨᠥᠭᠡᠴᠡ) ᠠᠩᠭᠢᠯᠠᠯ ᠳᠤ ᠲᠠᠭᠠᠷᠠᠳᠠᠭ ᠦᠭᠡᠢ ᠴᠤ ᠴᠠᠷ᠎ᠠ ᠬᠡᠮᠵᠢᠶᠡᠨ ᠦ ᠪᠡᠨ ᠬᠤᠪᠢ ᠳᠤ᠂ ᠮᠥᠨ ᠨᠤᠲᠤᠭ ᠤᠨ ᠠᠭᠤᠭᠤᠯ ᠣᠷᠣᠰᠢᠨ ᠰᠠᠭᠤᠭᠴᠢᠳ ᠲᠤ ᠨᠥᠭᠡᠴᠡ ᠠᠰᠢᠭᠯᠠᠬᠤ ᠶᠢ ᠵᠥᠪᠰᠢᠶᠡᠷᠡᠳᠡᠭ ᠢᠶᠡᠷ ᠢᠶᠡᠨ ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭᠠᠨ ᠤ Ib (ᠣᠩᠭᠣᠨ ᠪᠠᠶᠢᠭᠠᠯᠢ ᠪᠦᠬᠦᠢ ᠨᠤᠲᠤᠭ) ᠠᠩᠭᠢᠯᠠᠯᠲᠠᠢ ᠲᠥᠰᠲᠡᠢ᠃ ᠠᠭᠤᠯᠠ ᠠᠭᠤᠷᠬᠠᠢ᠂ ᠠᠨ ᠠᠩᠨᠠᠭᠤᠷ᠂ ᠪᠠᠷᠢᠯᠭ᠎ᠠ ᠶᠢ ᠡᠷᠡᠰ ᠬᠣᠷᠢᠭᠯᠠᠳᠠᠭ᠃ ᠪᠠᠶᠢᠭᠠᠯ ᠤᠨ ᠨᠥᠭᠡᠴᠡ ᠭᠠᠵᠠᠷ ᠤᠳ ᠲᠤ ᠵᠠᠬᠢᠷᠭᠠᠨ ᠤ ᠠᠯᠪᠠ ᠲᠠᠢ ᠪᠠᠶᠢᠬᠤ ᠱᠠᠭᠠᠷᠳᠠᠯᠭ᠎ᠠ ᠲᠠᠯᠪᠢᠭᠳᠠᠳᠠᠭ ᠦᠭᠡᠢ᠂ ᠲᠤᠬᠠᠢ ᠶᠢᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠪᠠᠶᠢᠭᠠᠯ ᠤᠨ ᠨᠥᠭᠡᠴᠡ ᠶᠢᠨ ᠬᠠᠮᠠᠭᠠᠯᠠᠯ ᠢ ᠵᠣᠬᠢᠶᠠᠨ ᠪᠠᠶᠢᠭᠤᠯᠬᠤ ᠡᠭᠦᠷᠭᠡ ᠲᠡᠢ᠃ ᠪᠠᠶᠢᠭᠠᠯ ᠤᠨ ᠨᠥᠭᠡᠴᠡ ᠭᠠᠵᠠᠷ ᠢ ᠪᠥᠰᠡᠴᠢᠯᠡᠨ ᠬᠤᠪᠢᠶᠠᠳᠠᠭ ᠦᠭᠡᠢ᠂ ᠭᠡᠬᠦ ᠳᠦ ᠪᠡᠨ ᠱᠠᠭᠠᠷᠳᠠᠯᠭ᠎ᠠ ᠲᠠᠢ ᠭᠡᠵᠦ ᠦᠵᠡᠪᠡᠯ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ᠂ ᠬᠣᠷᠢᠶᠠᠨ ᠤ ᠢᠷᠭᠡᠳ ᠨᠡᠶᠢᠲᠡ ᠶᠢᠨ ᠬᠤᠷᠠᠯ ᠢᠶᠠᠷ ᠭᠠᠳᠠᠭᠠᠳᠤ ᠣᠷᠴᠢᠨ ᠤ ᠪᠥᠰᠡ ᠶᠢ ᠲᠣᠭᠲᠠᠭᠠᠵᠤ ᠪᠣᠯᠤᠨ᠎ᠠ᠃ ᠪᠠᠶᠢᠭᠠᠯ ᠤᠨ ᠨᠥᠭᠡᠴᠡ ᠭᠠᠵᠠᠷ ᠤᠳ ᠬᠠᠷᠢᠴᠠᠩ ᠦᠭᠡᠢ ᠬᠠᠲᠠᠭᠤ ᠬᠠᠮᠠᠭᠠᠯᠠᠯᠲᠠ ᠶᠢᠨ ᠭᠣᠷᠢᠮ ᠲᠠᠢ ᠬᠡᠳᠦᠢ ᠴᠤ ᠲᠠᠯᠠᠪᠠᠢ ᠨᠢ ᠨᠡᠯᠢᠶᠡᠨ ᠲᠣᠮᠣ᠂ ᠨᠠᠶᠢᠮᠠᠨ ᠪᠠᠶᠢᠭᠠᠯ ᠤᠨ ᠨᠥᠭᠡᠴᠡ ᠭᠠᠵᠠᠷ ᠤᠨ ᠲᠠᠯᠠᠪᠠᠢ 100000 ᠭᠠ ᠠᠴᠠ ᠳᠡᠭᠡᠭᠰᠢ᠂ ᠵᠢᠱᠢᠶᠡᠯᠡᠪᠡᠯ 2016 ᠣᠨ ᠤ 4 ᠰᠠᠷ᠎ᠠ ᠳᠤ ᠪᠠᠶᠢᠭᠤᠯᠤᠭᠰᠠᠨ ᠲᠣᠰᠣᠲᠤ-ᠲᠣᠰᠤᠨ ᠪᠤᠮᠪᠠ ᠶᠢᠨ ᠨᠢᠷᠤᠭᠤᠨ ᠤ ᠪᠠᠶᠢᠭᠠᠯ ᠤᠨ ᠨᠥᠭᠡᠴᠡ ᠭᠠᠵᠠᠷ 743057.93 ᠾᠠ᠊ ᠲᠠᠯᠠᠪᠠᠢ ᠲᠠᠢ᠃ ᠳᠤᠷᠠᠰᠬᠠᠯᠲᠤ ᠭᠠᠵᠠᠷ (IUCN (ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭ᠎ᠠ)  ᠶᠢᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠤᠳᠤᠷᠢᠳᠤᠯᠭ᠎ᠠ ᠶᠢᠨ ᠠᠩᠭᠢᠯᠠᠯ III) ᠰᠤᠳᠤᠯᠭ᠎ᠠ ᠰᠢᠨᠵᠢᠯᠡᠭᠡ᠂ ᠦᠵᠡᠪᠦᠷᠢ ᠦᠵᠡᠭᠦᠯᠦᠩ ᠦᠨ ᠵᠣᠷᠢᠯᠭ᠎ᠠ ᠪᠠᠷ ᠪᠠᠶᠢᠭᠤᠯᠳᠠᠭ᠃ ᠪᠠᠶᠢᠭᠠᠯ ᠤᠨ ᠳᠤᠷᠠᠰᠬᠠᠯᠲᠤ ᠭᠠᠵᠠᠷ ᠤᠳ ᠯᠠᠨᠳ᠋ᠱᠠᠹᠲ ᠤᠨ ᠥᠪᠡᠷᠮᠢᠴᠡ ᠲᠣᠭᠲᠠᠴᠠ᠂ ᠬᠡᠯᠪᠡᠷᠢᠵᠢᠯᠲᠡ ᠶᠢ (ᠬᠦᠷᠬᠢᠷ᠎ᠡ᠂ ᠪᠠᠶᠢᠴᠠ᠂ ᠴᠠᠪ᠂ ᠬᠠᠳᠠ ᠴᠢᠯᠠᠭᠤ᠂ ᠪᠠᠶᠠᠨ ᠪᠦᠷᠢᠳᠦ᠂ ᠡᠯᠡᠰᠦᠨ ᠮᠠᠩᠬᠠᠨ) ᠬᠠᠳᠠᠭᠠᠯᠠᠵᠤ ᠬᠠᠮᠠᠭᠠᠯᠠᠳᠠᠭ᠂ ᠲᠡᠦᠬᠡ ᠰᠤᠶᠤᠯ ᠤᠨ ᠳᠤᠷᠠᠰᠬᠠᠯᠲᠤ ᠭᠠᠵᠠᠷ ᠨᠢ ᠡᠷᠲᠡᠨ ᠦ ᠬᠦᠮᠦᠨ ᠦ ᠰᠠᠭᠤᠴᠠ᠂ ᠠᠭᠤᠢ ᠶᠢᠨ ᠵᠢᠷᠤᠭ᠂ ᠬᠠᠳᠠᠨ ᠤ ᠵᠢᠷᠤᠭ᠂ ᠪᠢᠴᠢᠭᠡᠰᠦ᠂ ᠲᠡᠦᠬᠡᠨ ᠬᠥᠰᠢᠶ᠎ᠡ᠂ ᠪᠤᠯᠠᠰᠢ᠂ ᠪᠠᠯᠭᠠᠰᠤ᠂ ᠤᠯᠠᠮᠵᠢᠯᠠᠯᠲᠤ ᠵᠠᠩ ᠦᠢᠯᠡ ᠲᠡᠢ ᠬᠣᠯᠪᠣᠭᠠᠲᠠᠢ ᠠᠭᠤᠯᠠ᠂ ᠰᠢᠲᠤᠭᠳᠡᠵᠦ ᠢᠷᠡᠭᠰᠡᠨ ᠭᠠᠵᠠᠷ ᠨᠤᠲᠤᠭ ᠢ ᠬᠠᠮᠠᠭᠠᠯᠠᠳᠠᠭ᠃ ᠳᠤᠷᠠᠰᠬᠠᠯᠲᠤ ᠭᠠᠵᠠᠷ ᠲᠤ ᠬᠢᠵᠠᠭᠠᠷᠯᠠᠭᠳᠠᠮᠠᠯ ᠬᠡᠮᠵᠢᠶᠡᠨ ᠳᠦ ᠦᠢᠯᠡ ᠠᠵᠢᠯᠯᠠᠭ᠎ᠠ ᠶᠠᠪᠤᠭᠤᠯᠬᠤ ᠶᠢ ᠵᠦᠪᠰᠢᠶᠡᠷᠡᠬᠦ ᠪᠠ ᠴᠢᠩᠭᠢᠬᠦ ᠳᠦ ᠪᠡᠨ ᠳᠤᠷᠠᠰᠬᠠᠯᠲᠤ ᠭᠠᠵᠠᠷ ᠤᠨ ᠭᠣᠣᠯ ᠦᠨᠡᠲᠦ ᠵᠦᠢᠯᠡᠰ ᠢ ᠡᠪ ᠲᠦ ᠬᠢ᠂ ᠬᠣᠬᠢᠷᠠᠯ ᠤᠴᠠᠷᠠᠭᠤᠯᠬᠤ ᠦᠭᠡᠢ ᠱᠠᠭᠠᠷᠳᠠᠯᠭ᠎ᠠ ᠲᠠᠯᠪᠢᠨ᠎ᠠ᠃ ᠳᠤᠷᠠᠰᠬᠠᠯᠲᠤ ᠭᠠᠵᠠᠷ ᠨᠢ ᠪᠠᠶᠢᠭᠠᠯ ᠤᠨ ᠨᠥᠭᠡᠴᠡ ᠭᠠᠵᠠᠷ ᠤᠨ ᠠᠳᠠᠯᠢ ᠪᠥᠰᠡᠴᠢᠯᠡᠨ ᠬᠤᠪᠢᠶᠠᠭᠳᠠᠳᠠᠭ ᠦᠭᠡᠢ᠂ ᠵᠠᠬᠢᠷᠭᠠᠨ ᠤ ᠠᠯᠪᠠ ᠲᠠᠢ ᠪᠠᠶᠢᠬᠤ ᠶᠢ ᠱᠠᠭᠠᠷᠳᠠᠳᠠᠭ ᠦᠭᠡᠢ᠂ ᠤᠳᠤᠷᠢᠳᠤᠯᠭ᠎ᠠ ᠶᠢ ᠬᠣᠯᠪᠣᠭᠳᠠᠬᠤ ᠣᠷᠣᠨ ᠨᠤᠲᠤᠭ ᠤᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠵᠠᠬᠢᠷᠭᠠᠨ ᠳᠤ ᠳᠠᠭᠠᠭᠠᠯᠭᠠᠳᠠᠭ᠃ ᠮᠥᠨ ᠭᠠᠳᠠᠨᠠᠬᠢ ᠣᠷᠴᠢᠨ ᠤ ᠪᠥᠰᠡ ᠶᠢᠨ ᠠᠰᠠᠭᠤᠳᠠᠯ ᠢ ᠪᠠᠶᠢᠭᠠᠯ ᠤᠨ ᠨᠥᠭᠡᠴᠡ ᠭᠠᠵᠠᠷ ᠤᠨ ᠬᠢ ᠲᠠᠢ ᠠᠳᠠᠯᠢ ᠪᠠᠷ ᠵᠣᠬᠢᠴᠠᠭᠤᠯᠤᠨ᠎ᠠ᠃ ᠲᠠᠯᠠᠪᠠᠢ᠂ ᠬᠡᠮᠵᠢᠶᠡᠨ ᠦ ᠲᠤᠬᠠᠢ ᠳᠤ 1000 ᠭᠠ ᠠᠴᠠ ᠪᠠᠭ᠎ᠠ ᠲᠠᠯᠠᠪᠠᠢ ᠲᠠᠢ ᠳᠤᠷᠠᠰᠬᠠᠯᠲᠤ ᠭᠠᠵᠠᠷ ᠬᠣᠶᠠᠷ ᠯᠠ ᠪᠠᠶᠢᠨ᠎ᠠ᠃ ᠬᠠᠮᠤᠭ ᠤᠨ ᠲᠣᠮᠣ ᠳᠤᠷᠠᠰᠬᠠᠯᠲᠤ ᠭᠠᠵᠠᠷ ᠨᠢ 31277.21 ᠾᠠ᠊ ᠲᠠᠯᠠᠪᠠᠢ ᠪᠦᠬᠦᠢ ᠳᠠᠶᠠᠩ ᠳᠡᠭᠡᠷᠡᠬᠢ ᠶᠢᠨ ᠠᠭᠤᠢ ᠶᠤᠮ᠃

ᠣᠷᠣᠨ ᠨᠤᠲᠤᠭ ᠊ᠤᠨ ᠲᠤᠰᠬᠠᠢ ᠬᠠᠮᠠᠭᠠᠯᠠᠯᠲᠠ ᠲᠠᠢ ᠭᠠᠵᠠᠷ

ᠬᠠᠷ ᠊ᠠ᠋
ᠵᠢᠷᠦᠬᠡᠨ ᠊ᠦ
ᠬᠥᠬᠡ
ᠨᠠᠭᠤᠷ ᠦ᠋ᠨ
ᠳᠡᠷᠭᠡᠳᠡ

ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭᠲᠠᠯᠴᠠᠭᠠᠨ ᠤ ᠵᠡᠷᠭᠡᠴᠡᠭᠡ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ ᠠᠵᠢᠯᠯᠠᠳᠠᠭ᠃ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤᠨ ᠲᠤᠬᠠᠢ ᠬᠠᠤᠯᠢ ᠳᠤ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠬᠠᠷᠢᠶᠠᠯᠠᠯ ᠤᠨ ᠢᠶᠠᠨ ᠲᠣᠳᠣᠷᠬᠠᠢ ᠲᠠᠯᠠᠪᠠᠢ ᠶᠢ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠪᠣᠯᠭᠠᠨ ᠵᠠᠷᠯᠠᠵᠤ ᠪᠣᠯᠬᠤ ᠶᠢ ᠵᠢᠭᠠᠭᠠᠳ ᠠᠶᠢᠮᠠᠭ᠂ ᠰᠤᠮᠤᠳ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠳ ᠲᠤ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠪᠠᠶᠢᠭᠤᠯᠤᠨ᠂ ᠬᠢᠯᠢ ᠬᠢᠵᠠᠭᠠᠷ ᠢ ᠨᠢ ᠲᠣᠭᠲᠠᠭᠠᠵᠤ᠂ ᠵᠣᠬᠢᠬᠤ ᠬᠠᠮᠠᠭᠠᠯᠠᠯ ᠤᠨ ᠭᠣᠷᠢᠮ ᠢ ᠨᠢ ᠲᠣᠳᠣᠷᠬᠠᠶᠢᠯᠠᠬᠤ ᠡᠷᠬᠡ ᠣᠯᠭᠤᠭᠰᠠᠨ ᠪᠠᠶᠢᠳᠠᠭ᠃ ᠲᠤᠰᠬᠠᠢ ᠬᠠᠮᠠᠭᠠᠯᠠᠯᠲᠠ ᠲᠠᠢ ᠭᠠᠵᠠᠷ ᠤᠨ ᠡᠨᠡᠬᠦ ᠨᠡᠮᠡᠯᠲᠡ ᠰᠦᠯᠵᠢᠶ᠎ᠡ ᠬᠡᠷᠡᠭᠲᠡᠢ ᠪᠣᠯᠤᠭᠰᠠᠨ ᠨᠢ ᠮᠣᠩᠭᠣᠯ ᠤᠯᠤᠰ ᠤᠨ ᠪᠠᠶᠢᠭᠠᠯ ᠤᠨ ᠨᠥᠬᠥᠴᠡᠯ᠂ ᠠᠮᠢᠲᠠᠨ ᠤ ᠠᠶᠢᠮᠠᠭ ᠤᠨ ᠣᠯᠠᠨ ᠲᠥᠷᠥᠯ ᠵᠦᠢᠯ ᠦᠨ ᠠᠮᠢᠳᠤᠷᠠᠬᠤ ᠳᠤ ᠱᠠᠭᠠᠷᠳᠠᠯᠭ᠎ᠠ ᠲᠠᠢ ᠥᠷᠭᠡᠨ ᠠᠭᠤᠳᠠᠮ ᠨᠡᠭᠦᠳᠡᠯ ᠦᠨ ᠵᠠᠮ ᠪᠡᠯᠴᠢᠭᠡᠷ ᠢ ᠬᠠᠳᠠᠭᠠᠯᠠᠨ ᠬᠠᠮᠠᠭᠠᠯᠠᠵᠤ᠂ ᠫᠣᠫᠦᠶᠢᠯᠢᠶᠠᠼ ᠬᠣᠭᠣᠷᠣᠨᠳᠣ ᠶᠢᠨ ᠭᠧᠨᠢ ᠶᠢᠨ ᠰᠣᠯᠢᠯᠴᠠᠭ᠎ᠠ ᠶᠢ ᠬᠠᠩᠭᠠᠬᠤ ᠬᠡᠷᠡᠭᠴᠡᠭᠡ ᠪᠡᠷ ᠲᠠᠶᠢᠯᠪᠤᠷᠢᠯᠠᠭᠳᠠᠨ᠎ᠠ᠃ ᠡᠭᠦᠨ ᠦ ᠰᠠᠴᠠᠭᠤ ᠲᠤᠰᠬᠠᠢ ᠬᠠᠮᠠᠭᠠᠯᠠᠯᠲᠠ ᠲᠠᠢ ᠭᠠᠵᠠᠷ ᠤᠨ ᠭᠠᠳᠠᠨ᠎ᠠ ᠦᠯᠡᠳᠡᠭᠰᠡᠨ ᠨᠤᠲᠤᠭ ᠤᠳ ᠲᠤ ᠣᠷᠣᠨ ᠨᠤᠲᠤᠭ ᠤᠨ ᠣᠷᠣᠰᠢᠨ ᠰᠠᠭᠤᠭᠴᠢᠳ᠂ ᠬᠠᠭᠠᠰ ᠨᠡᠭᠦᠳᠡᠯᠴᠢᠨ ᠬᠢᠭᠡᠳ ᠨᠡᠭᠦᠳᠡᠯᠴᠢᠨ ᠮᠠᠯᠴᠢᠨ ᠬᠦᠮᠦᠨ ᠠᠮᠠ ᠬᠠᠮᠲᠤᠷᠠᠨ ᠠᠮᠢᠳᠤᠷᠠᠵᠤ᠂ ᠨᠥᠭᠡᠴᠡ ᠶᠢ ᠥᠷᠭᠡᠨ ᠢᠶᠡᠷ ᠠᠰᠢᠭᠯᠠᠳᠠᠭ᠂ ᠴᠢᠩᠭᠢᠬᠦ ᠳᠦ ᠪᠡᠨ ᠲᠣᠭᠲᠠᠪᠤᠷᠢᠲᠠᠢ ᠠᠷᠭ᠎ᠠ ᠬᠡᠯᠪᠡᠷᠢ ᠪᠡᠷ ᠠᠰᠢᠭᠯᠠᠬᠤ ᠡᠷᠡᠮᠡᠯᠵᠡᠯ ᠲᠡᠢ ᠪᠠᠶᠢᠳᠠᠭ᠃ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ ᠡᠻᠣᠯᠣᠭ ᠤᠨ ᠠᠴᠢ ᠬᠣᠯᠪᠣᠭᠳᠠᠯ ᠲᠠᠢ ᠪᠦᠬᠦ ᠨᠤᠲᠤᠭ ᠢ ᠬᠠᠮᠤᠷᠴᠢ ᠴᠢᠳᠠᠬᠤ ᠦᠭᠡᠢ ᠲᠤᠯᠠ ᠪᠢᠣᠯᠣᠭᠢ ᠶᠢᠨ ᠬᠠᠮᠠᠭᠠᠯᠠᠯᠲᠠ ᠶᠢ ᠣᠷᠣᠨ ᠨᠤᠲᠤᠭ ᠤᠨ ᠬᠦᠮᠦᠨ ᠠᠮᠠ ᠶᠢᠨ ᠨᠡᠶᠢᠭᠡᠮ᠂ ᠡᠳ᠋  ᠦᠨ ᠵᠠᠰᠠᠭ ᠤᠨ ᠬᠡᠷᠡᠭᠴᠡᠭᠡ ᠲᠡᠢ ᠲᠡᠩᠴᠡᠪᠦᠷᠢᠵᠢᠭᠦᠯᠬᠦ ᠱᠠᠭᠠᠷᠳᠠᠯᠭ᠎ᠠ ᠲᠠᠢ᠃ ᠲᠡᠶᠢᠮᠦ ᠡᠴᠡ ᠡᠻᠣᠯᠣᠭ ᠤᠨ ᠬᠤᠪᠢ ᠳᠤ ᠠᠮᠢ ᠪᠥᠬᠡ ᠲᠡᠢ ᠬᠠᠮᠠᠭᠠᠯᠠᠯ ᠤᠨ ᠲᠣᠭᠲᠠᠯᠴᠠᠭ᠎ᠠ ᠪᠤᠢ ᠪᠣᠯᠭᠠᠬᠤ ᠶᠢᠨ ᠲᠤᠯᠠᠳᠠ ᠪᠠᠶᠢᠭᠠᠯᠢ ᠣᠷᠴᠢᠨ ᠢ ᠬᠠᠮᠠᠭᠠᠯᠠᠬᠤ ᠦᠢᠯᠡ ᠠᠵᠢᠯᠯᠠᠭ᠎ᠠ ᠶᠢ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠬᠢᠯᠢ ᠬᠢᠵᠠᠭᠠᠷ ᠠᠴᠠ ᠬᠠᠪᠢ ᠦᠭᠡᠢ ᠥᠷᠭᠡᠨ ᠬᠦᠷᠢᠶᠡᠨ ᠳᠦ ᠬᠡᠷᠡᠭᠵᠢᠭᠦᠯᠬᠦ᠂ ᠡᠭᠦᠨ ᠳᠦ ᠪᠡᠨ ᠬᠥᠳᠡᠭᠡ ᠶᠢᠨ ᠬᠦᠮᠦᠨ ᠠᠮᠠ ᠣᠷᠣᠰᠢᠨ ᠰᠠᠭᠤᠵᠤ᠂ ᠠᠰᠢᠭᠯᠠᠳᠠᠭ ᠭᠠᠵᠠᠷ ᠨᠤᠲᠤᠭ ᠢ ᠬᠠᠮᠤᠷᠬᠤ ᠱᠠᠭᠠᠷᠳᠠᠯᠭ᠎ᠠ ᠲᠠᠢ ᠪᠠᠶᠢᠳᠠᠭ᠂ ᠢᠩᠭᠢᠭᠰᠡᠨ ᠢᠶᠡᠷ ᠲᠡᠳᠡᠭᠡᠷ ᠭᠠᠵᠠᠷ ᠨᠤᠲᠤᠭ ᠤᠨ ᠲᠣᠭᠲᠠᠪᠤᠷᠢᠲᠠᠢ ᠤᠳᠤᠷᠢᠳᠤᠯᠭ᠎ᠠ ᠶᠢ ᠬᠠᠩᠭᠠᠬᠤ ᠠᠷᠭ᠎ᠠ ᠬᠡᠷᠡᠭᠰᠡᠯ ᠪᠦᠬᠦᠢ ᠣᠷᠣᠯᠴᠠᠭᠴᠢ᠂ ᠰᠣᠨᠢᠷᠬᠠᠯ ᠤᠨ ᠪᠦᠯᠦᠭ ᠦᠳ ᠲᠡᠢ ᠪᠣᠯᠳᠠᠭ ᠪᠠᠶᠢᠨ᠎ᠠ᠃

ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ ᠪᠠᠶᠢᠭᠤᠯᠬᠤ ᠵᠣᠷᠢᠯᠭ᠎ᠠ ᠨᠢ ᠡᠻᠣᠰᠢᠰᠲ᠋ᠧᠮ ᠦᠨ ᠲᠣᠭᠠᠪᠤᠷᠢᠵᠢᠯᠲᠠ ᠶᠢ ᠬᠠᠮᠠᠭᠠᠯᠠᠬᠤ᠂ ᠪᠠᠶᠢᠭᠠᠯᠢ᠂ ᠲᠡᠦᠬᠡ᠂ ᠰᠤᠶᠤᠯ ᠤᠨ ᠦᠨ᠎ᠡ ᠴᠢᠨ ᠪᠦᠬᠦᠢ ᠭᠠᠵᠠᠷ ᠨᠤᠲᠤᠭ ᠳᠠᠬᠢ ᠭᠠᠵᠠᠷ ᠤᠨ ᠲᠣᠭᠲᠠᠪᠤᠷᠢᠲᠠᠢ ᠠᠰᠢᠭᠯᠠᠯᠲᠠ ᠶᠢ ᠳᠡᠮᠵᠢᠬᠦ ᠳᠦ ᠣᠷᠣᠰᠢᠨ᠎ᠠ᠃ ᠬᠠᠮᠠᠭᠠᠯᠠᠯ ᠤᠨ ᠭᠣᠣᠯ ᠵᠣᠷᠢᠭᠳᠠᠯ ᠠᠴᠠ ᠨᠢ ᠡᠭᠦᠳᠦᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ ᠣᠢ᠂ ᠵᠡᠷᠯᠢᠭ ᠠᠮᠢᠲᠠᠨ᠂ ᠤᠷᠭᠤᠮᠠᠯ᠂ ᠤᠰᠤᠨ ᠤ ᠨᠥᠭᠡᠴᠡ ᠭᠠᠵᠠᠷ᠂ ᠪᠠᠶᠢᠭᠠᠯ ᠤᠨ ᠪᠠ ᠲᠡᠦᠬᠡ ᠶᠢᠨ ᠥᠪ ᠨᠥᠭᠡᠴᠡ ᠭᠠᠵᠠᠷ ᠭᠡᠵᠦ ᠠᠩᠭᠢᠯᠠᠳᠠᠭ᠃ ᠱᠠᠭᠠᠷᠳᠠᠯᠭ᠎ᠠ ᠲᠠᠢ ᠪᠣᠯ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ ᠬᠠᠮᠠᠭᠠᠯᠠᠯ ᠤᠨ ᠪᠠ ᠬᠢᠵᠠᠭᠠᠷᠯᠠᠭᠳᠠᠮᠠᠯ ᠠᠰᠢᠭᠯᠠᠯᠲᠠ ᠶᠢᠨ ᠪᠥᠰᠡ ᠨᠦᠭᠦᠳ ᠲᠦ ᠬᠤᠪᠢᠶᠠᠵᠤ ᠪᠣᠯᠤᠨ᠎ᠠ᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠲᠤ ᠲᠣᠭᠲᠠᠭᠠᠬᠤ ᠬᠠᠮᠠᠭᠠᠯᠠᠯ ᠤᠨ ᠭᠣᠷᠢᠮ ᠨᠢ ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠬᠣᠯᠪᠣᠭᠠᠨ ᠤ ᠲᠤᠰᠬᠠᠢ ᠬᠠᠮᠠᠭᠠᠯᠠᠯᠲᠠ ᠲᠠᠢ ᠭᠠᠵᠠᠷ ᠤᠨ ᠤᠳᠤᠷᠢᠳᠤᠯᠭ᠎ᠠ ᠶᠢᠨ ᠠᠩᠭᠢᠯᠠᠯ Ib (ᠣᠷᠣᠨ ᠨᠤᠲᠤᠭ ᠤᠨ ᠬᠦᠮᠦᠨ ᠠᠮᠠ ᠬᠠᠮᠠᠭᠠᠯᠠᠯᠲᠠ ᠶᠢᠨ ᠵᠣᠷᠢᠯᠭ᠎ᠠ ᠵᠣᠷᠢᠯᠲᠠᠳ ᠨᠡᠶᠢᠴᠡᠲᠡᠢ ᠠᠷᠭ᠎ᠠ ᠬᠡᠯᠪᠡᠷᠢ ᠪᠡᠷ ᠨᠥᠭᠡᠴᠡ ᠶᠢ ᠠᠰᠢᠭᠯᠠᠵᠤ ᠪᠣᠯᠬᠤ ᠲᠣᠮᠣ ᠬᠡᠮᠵᠢᠶᠡᠨ ᠦ ᠣᠩᠭᠣᠨ ᠭᠠᠵᠠᠷ ᠨᠤᠲᠤᠭ) ᠮᠥᠨ ᠠᠩᠭᠢᠯᠠᠯ VI  ᠲᠠᠢ (ᠰᠤᠶᠤᠯ ᠤᠨ ᠦᠨᠡᠲᠦ ᠵᠦᠢᠯ᠂ ᠪᠠᠶᠢᠭᠠᠯ ᠤᠨ ᠨᠥᠭᠡᠴᠡ ᠶᠢᠨ ᠤᠳᠤᠷᠢᠳᠤᠯᠭ᠎ᠠ ᠶᠢᠨ ᠤᠯᠠᠮᠵᠢᠯᠠᠯᠲᠤ ᠲᠣᠭᠲᠠᠯᠴᠠᠭ᠎ᠠ ᠪᠦᠬᠦᠢ ᠡᠻᠣᠰᠢᠰᠲ᠋ᠧᠮ᠂ ᠠᠮᠢᠲᠠᠳ ᠤᠨ ᠠᠮᠢᠳᠤᠷᠠᠬᠤ ᠣᠷᠴᠢᠨ ᠢ ᠪᠠᠭᠲᠠᠭᠠᠭᠰᠠᠨ ᠥᠷᠭᠡᠨ ᠠᠭᠤᠳᠠᠮ ᠬᠠᠮᠠᠭᠠᠯᠠᠭᠳᠠᠭᠰᠠᠨ ᠭᠠᠵᠠᠷ ᠨᠤᠲᠤᠭ) ᠲᠥᠰᠲᠡᠢ ᠪᠠᠶᠢᠬᠤ ᠮᠠᠭᠠᠳᠯᠠᠯ ᠲᠠᠢ᠂ ᠡᠨᠡ ᠬᠣᠶᠠᠷ ᠤᠨ ᠠᠯᠢ ᠠᠯᠢ ᠨᠢ ᠣᠷᠣᠨ ᠨᠤᠲᠤᠭ ᠤᠨ ᠣᠯᠠᠨ ᠨᠡᠶᠢᠲᠡ ᠳᠦ ᠲᠦᠰᠢᠭᠯᠡᠭᠰᠡᠨ ᠪᠠᠶᠢᠭᠠᠯ ᠤᠨ ᠨᠥᠭᠡᠴᠡ ᠶᠢᠨ ᠤᠳᠤᠷᠢᠳᠤᠯᠭ᠎ᠠ ᠳᠤ ᠰᠠᠭᠤᠷᠢᠯᠠᠬᠤ ᠪᠠ ᠡᠨᠡ ᠨᠢ ᠮᠣᠩᠭᠣᠯ ᠣᠷᠣᠨ ᠤ ᠤᠯᠠᠮᠵᠢᠯᠠᠯ ᠳᠤ ᠨᠡᠶᠢᠴᠡᠲᠡᠢ ᠪᠥᠭᠡᠳ ᠪᠢᠣᠯᠣᠭᠢ ᠶᠢᠨ ᠣᠯᠠᠨ ᠶᠠᠩᠵᠤ ᠪᠠᠶᠢᠳᠠᠯ ᠤᠨ ᠲᠤᠬᠠᠢ ᠻᠣᠨᠸᠧᠨᠼ ᠤᠨ ᠳᠡᠮᠵᠢᠳᠡᠭ ᠠᠷᠭ᠎ᠠ ᠬᠡᠯᠪᠡᠷᠢ ᠶᠤᠮ᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠢ ᠣᠷᠣᠨ ᠨᠤᠲᠤᠭ ᠤᠨ ᠵᠠᠬᠢᠷᠭ᠎ᠠ ᠵᠥᠪᠬᠡᠨ ᠲᠦᠷᠢ ᠬᠤᠭᠤᠴᠠᠭ᠎ᠠ ᠪᠠᠷ ᠲᠣᠭᠲᠠᠭᠠᠬᠤ ᠪᠠ ᠠᠷᠪᠠᠨ ᠵᠢᠯ ᠡᠴᠡ ᠬᠡᠲᠦᠷᠬᠦ ᠦᠭᠡᠢ ᠬᠤᠭᠤᠴᠠᠭ᠎ᠠ ᠲᠠᠢ ᠪᠠᠶᠢᠨ᠎ᠠ᠃ ᠭᠡᠬᠦ ᠳᠦ ᠪᠡᠨ ᠬᠠᠮᠠᠭᠠᠯᠠᠯ ᠤᠨ ᠬᠤᠭᠤᠴᠠᠭ᠎ᠠ ᠳᠠᠭᠤᠰᠪᠠᠴᠤ ᠰᠤᠩᠭᠠᠵᠤ ᠪᠣᠯᠤᠨ᠎ᠠ᠃ ᠲᠡᠶᠢᠮᠦ ᠡᠴᠡ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭ᠎ᠠ ᠪᠠᠶᠢᠩᠭᠤ ᠬᠡᠯᠪᠡᠯᠵᠡᠵᠦ ᠪᠠᠶᠢᠳᠠᠭ᠃ ᠴᠢᠨᠠᠭᠰᠢᠯᠠᠭᠠᠳ᠂ ᠣᠷᠣᠨ ᠨᠤᠲᠤᠭ ᠪᠠ ᠲᠥᠪ ᠦᠨ ᠬᠣᠭᠣᠷᠣᠨᠳᠣ ᠮᠡᠳᠡᠭᠡᠯᠡᠯ ᠦᠨ ᠤᠷᠤᠰᠬᠠᠯ ᠬᠥᠰᠢᠭᠦᠨ ᠤᠳᠠᠭᠠᠨ ᠲᠤᠯᠠ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠲᠤ ᠠᠭᠤᠯᠠ ᠠᠭᠤᠷᠬᠠᠢ ᠶᠢᠨ ᠵᠥᠪᠰᠢᠶᠡᠷᠡᠯ ᠣᠯᠭᠠᠴᠢᠬᠠᠭᠰᠠᠨ ᠲᠣᠬᠢᠶᠠᠯᠳᠤᠯ ᠤᠳ ᠪᠠᠶᠢᠳᠠᠭ᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶᠡᠨ ᠦ ᠬᠥᠭᠵᠢᠯ ᠡᠬᠢᠨ ᠳᠦ ᠪᠡᠨ ᠤᠳᠠᠭᠠᠨ ᠶᠠᠪᠤᠴᠠ ᠲᠠᠢ ᠪᠠᠶᠢᠭᠰᠠᠨ᠂ 1988᠂ 1999 ᠣᠨ ᠨᠤᠭᠤᠳ ᠲᠤ ᠵᠢᠯ ᠳᠦ 15 ᠰᠢᠨ᠎ᠡ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠢ ᠲᠣᠭᠲᠠᠭᠠᠵᠤ ᠪᠠᠶᠢᠯ᠎ᠠ᠃ ᠬᠠᠷᠢᠨ 2000 ᠣᠨ ᠠᠴᠠ ᠡᠬᠢᠯᠡᠭᠡᠳ ᠵᠢᠯ ᠳᠦ ᠵᠠᠷᠯᠠᠬᠤ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭ᠎ᠠ ᠨᠡᠮᠡᠭᠳᠡᠭᠰᠡᠨ (ᠵᠢᠱᠢᠶᠡᠯᠡᠪᠡᠯ 2000 ᠣᠨ ᠳᠤ 119᠂ 2007 ᠣᠨ ᠳᠤ 180 ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠲᠣᠭᠲᠠᠭᠠᠭᠰᠠᠨ) ᠪᠠ ᠬᠠᠷᠢᠨ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶ᠎ᠡ ᠪᠠᠶᠢᠭᠤᠯᠬᠤ ᠶᠠᠪᠤᠴᠠ ᠡᠷᠡᠰ ᠤᠳᠠᠭᠠᠰᠢᠷᠠᠭᠰᠠᠨ ᠪᠢᠯᠡ᠃ ᠡᠶᠢᠨᠬᠦᠦ ᠣᠳᠣ ᠶᠢᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠳᠡᠶᠢᠯᠦᠩᠬᠢ ᠨᠢ 2000 ᠣᠨ ᠤ 1 ᠰᠠᠷ᠎ᠠ ᠶᠢᠨ 1  ᠡᠴᠡ ᠬᠣᠶᠢᠰᠢ ᠮᠡᠨᠳᠦᠯᠡᠭᠰᠡᠨ ᠪᠠᠶᠢᠨ᠎ᠠ᠃ ᠲᠡᠭᠦᠨᠴᠢᠯᠡᠨ 2013᠂ 2016 ᠣᠨ ᠳᠤ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭ᠎ᠠ ᠳᠣᠷᠪᠢᠲᠠᠢ ᠨᠡᠮᠡᠭᠳᠡᠭᠰᠡᠨ (2013 ᠣᠨ ᠳᠤ 125᠂ 2014 ᠣᠨ ᠳᠤ 374᠂ 2015 ᠣᠨ ᠳᠤ 576᠂ 2016 ᠣᠨ ᠳᠤ 348)᠃ ᠡᠶᠢᠨᠬᠦᠦ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭ᠎ᠠ ᠡᠷᠡᠰ ᠨᠡᠮᠡᠭᠳᠡᠭᠰᠡᠨ ᠳᠦ ᠲᠤᠬᠠᠢ ᠶᠢᠨ ᠲᠣᠭᠲᠠᠯᠴᠠᠭ᠎ᠠ ᠶᠢ ᠰᠢᠭᠦᠮᠵᠢᠯᠡᠬᠦ᠂ ᠲᠤᠬᠠᠢ ᠶᠢᠨ ᠭᠠᠵᠠᠷ ᠨᠤᠲᠤᠭ ᠬᠠᠮᠠᠭᠠᠯᠠᠯᠲᠠ ᠶᠢᠨ ᠴᠢᠬᠤᠯᠠ ᠠᠴᠢ ᠬᠣᠯᠪᠣᠭᠳᠠᠯ ᠲᠠᠢ ᠪᠣᠯᠬᠤ ᠶᠢ ᠨᠤᠲᠠᠯᠠᠬᠤ ᠪᠠᠶᠢᠭᠠᠯ ᠤᠨ ᠲᠣᠭᠠᠯᠠᠯᠭ᠎ᠠ᠂ ᠦᠨᠡᠯᠡᠭᠡ ᠶᠢ ᠨᠤᠬᠤᠴᠠᠲᠠᠢ ᠬᠢᠬᠦ ᠪᠣᠯᠤᠮᠵᠢ ᠲᠠᠢ ᠡᠰᠡᠬᠦ ᠳᠦ ᠡᠷᠡᠭᠡᠯᠵᠡᠬᠦ ᠬᠠᠨᠳᠤᠯᠭ᠎ᠠ ᠭᠠᠷᠤᠭᠰᠠᠨ᠃ ᠡᠨᠡᠴᠢᠯᠡᠨ ᠡᠶᠢᠮᠦ ᠣᠯᠠᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠢ ᠲᠣᠭᠲᠠᠭᠠᠬᠤ ᠠᠯᠪᠠᠨ ᠶᠣᠰᠣᠨ ᠤ ᠵᠢᠷᠤᠮ ᠤᠳ ᠢ ᠭᠦᠢᠴᠡᠳᠭᠡᠬᠦ ᠪᠣᠯᠤᠮᠵᠢ ᠳᠤ ᠡᠷᠡᠭᠡᠯᠵᠡᠵᠦ ᠪᠠᠶᠢᠪᠠ᠃ ᠡᠶᠢᠨᠬᠦᠦ ᠰᠢᠭᠦᠮᠵᠢᠯᠡᠭᠰᠡᠨ ᠢᠶᠡᠷ ᠵᠠᠷᠢᠮ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠢ ᠪᠠᠶᠢᠭᠤᠯᠤᠭᠰᠠᠨ ᠰᠡᠳᠡᠯ ᠨᠢ ᠪᠠᠶᠢᠭᠠᠯᠢ ᠣᠷᠴᠢᠨ ᠪᠢᠰᠢ᠂ ᠦᠷᠡᠵᠢᠯ ᠰᠢᠮ᠎ᠡ ᠲᠡᠢ ᠪᠡᠯᠴᠢᠭᠡᠷ ᠨᠤᠲᠤᠭ ᠢ ᠪᠤᠰᠤᠳ ᠣᠷᠣᠨ ᠨᠤᠲᠤᠭ ᠤᠨ ᠬᠦᠮᠦᠰ ᠡᠴᠡ ᠬᠠᠷᠠᠮᠯᠠᠭᠰᠠᠨ᠂ ᠡᠰᠡᠪᠡᠯ ᠠᠭᠤᠯᠠ ᠠᠭᠤᠷᠬᠠᠢ ᠶᠢᠨ ᠻᠣᠮᠫᠠᠨᠢ ᠨᠤᠭᠤᠳ ᠠᠴᠠ ᠲᠤᠬᠠᠢ ᠶᠢᠨ ᠭᠠᠵᠠᠷ ᠤᠨ ᠲᠤᠰᠬᠠᠢ ᠬᠠᠮᠠᠭᠠᠯᠠᠯᠲᠠ ᠠᠴᠠ ᠭᠠᠷᠭᠠᠭᠰᠠᠨ ᠤ ᠲᠥᠯᠥᠪᠦᠷᠢ ᠲᠥᠯᠥᠭᠦᠯᠬᠦ ᠭᠡᠬᠦ ᠮᠡᠲᠦ ᠰᠡᠳᠡᠯ ᠲᠡᠢ ᠪᠠᠶᠢᠵᠤ ᠪᠣᠯᠵᠣᠰᠢ ᠦᠭᠡᠢ ᠭᠡᠵᠦ ᠰᠡᠵᠢᠭᠯᠡᠵᠦ ᠪᠠᠶᠢᠪᠠ᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤᠨ ᠬᠡᠮᠵᠢᠶ᠎ᠡ 1 ᠭᠠ ᠠᠴᠠ 100000 ᠾᠠ᠊ ᠪᠠᠶᠢᠭ᠎ᠠ ᠴᠤ ᠣᠷᠣᠨ ᠨᠤᠲᠤᠭ ᠤᠨ 40 ᠲᠤᠰᠬᠠᠢ ᠬᠠᠮᠠᠭᠠᠯᠠᠯᠲᠠ ᠲᠠᠢ ᠭᠠᠵᠠᠷ ᠡᠭᠦᠨ ᠡᠴᠡ ᠶᠡᠬᠡ ᠲᠠᠯᠠᠪᠠᠢ ᠲᠠᠢ ᠪᠥᠭᠡᠳ ᠨᠡᠶᠢᠯᠡᠭᠡᠳ ᠪᠦᠬᠦ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠨᠡᠶᠢᠯᠡᠪᠦᠷᠢ ᠡᠴᠡ ᠢᠯᠡᠭᠦᠦ ᠶᠠᠭᠤᠮ᠎ᠠ᠃ ᠣᠷᠴᠢᠨ ᠴᠠᠭ ᠤᠨ ᠦᠨᠳᠦᠰᠦᠨ ᠦ ᠬᠡᠮᠵᠢᠶᠡᠨ ᠦ ᠴᠠᠬᠢᠮ ᠮᠡᠳᠡᠭᠡᠯᠡᠯ ᠦᠨ ᠰᠢᠰᠲ᠋ᠧᠮ ᠦᠭᠡᠢ ᠶᠢᠨ ᠤᠷᠰᠢᠭ ᠢᠶᠠᠷ ᠣᠯᠳᠠᠵᠤ ᠪᠠᠶᠢᠭ᠎ᠠ ᠰᠲ᠋ᠠᠲ᠋ᠢᠰᠲ᠋ᠢᠻ ᠮᠡᠳᠡᠭᠡᠯᠡᠯ ᠨᠢ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠲᠣᠭ᠎ᠠ᠂ ᠲᠠᠯᠠᠪᠠᠢ ᠶᠢᠨ ᠲᠠᠯ᠎ᠠ ᠪᠠᠷ ᠨᠠᠷᠢᠪᠴᠢᠯᠠᠭᠰᠠᠨ ᠥᠭᠭᠥᠭᠳᠡᠯ ᠢᠶᠡᠷ ᠬᠠᠩᠭᠠᠵᠤ ᠴᠢᠳᠠᠬᠤ ᠦᠭᠡᠢ ᠪᠠᠶᠢᠨ᠎ᠠ᠃ ᠤᠴᠢᠷ ᠨᠢ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠲᠣᠭᠲᠠᠭᠠᠭᠰᠠᠨ ᠪᠠ ᠬᠤᠭᠤᠴᠠᠭ᠎ᠠ ᠳᠠᠭᠤᠰᠤᠭᠰᠠᠨ᠂ ᠰᠤᠩᠭᠠᠭᠰᠠᠨ ᠪᠠᠶᠢᠳᠠᠯ ᠤᠨ ᠮᠡᠳᠡᠭᠡᠯᠡᠯ ᠦᠨ ᠲᠥᠪ ᠷᠦᠦ ᠲᠡᠷᠡ ᠪᠦᠷᠢ ᠰᠢᠭᠤᠷᠬᠠᠢ ᠳᠠᠮᠵᠢᠭᠤᠯᠳᠠᠭ ᠦᠭᠡᠢ᠃ ᠲᠡᠶᠢᠮᠦ ᠤᠴᠢᠷ ᠠᠴᠠ ᠯᠠ ᠪᠠᠶᠢᠭᠠᠯᠢ ᠣᠷᠴᠢᠨ ᠤ ᠮᠡᠳᠡᠭᠡᠯᠡᠯ ᠦᠨ ᠲᠥᠪ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠬᠣᠶᠠᠷ ᠵᠡᠷᠭᠡᠴᠡᠭᠡ ᠮᠡᠳᠡᠭᠡᠯᠡᠯ ᠦᠨ ᠰᠠᠩ ᠦᠵᠡᠭᠦᠯᠳᠡᠭ᠂ ᠲᠡᠳᠡᠭᠡᠷ ᠦᠨ ᠨᠢᠭᠡ ᠨᠢ ᠮᠡᠳᠡᠭᠳᠡᠵᠦ ᠪᠠᠶᠢᠭ᠎ᠠ ᠪᠦᠬᠦ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠥᠭᠭᠥᠭᠳᠡᠯ ᠲᠡᠢ (ᠬᠠᠮᠠᠭᠠᠯᠠᠯ ᠤᠨ ᠡᠷᠬᠡ ᠵᠦᠢ ᠶᠢᠨ ᠪᠠᠶᠢᠳᠠᠯ᠂ ᠬᠢᠯᠢ ᠬᠢᠵᠠᠭᠠᠷ ᠨᠢ ᠲᠣᠳᠣᠷᠬᠠᠢ ᠦᠭᠡᠢ ᠭᠠᠵᠠᠷ ᠤᠳ ᠪᠠᠰᠠ ᠬᠠᠮᠤᠷᠤᠭᠳᠠᠭᠰᠠᠨ)᠂ ᠨᠥᠭᠥᠭᠡ ᠨᠢ ᠡᠷᠬᠡ ᠵᠦᠢ ᠶᠢᠨ ᠪᠠᠶᠢᠳᠠᠯ᠂ ᠬᠢᠯᠢ ᠬᠢᠵᠠᠭᠠᠷ ᠨᠢ ᠪᠠᠲᠤᠯᠠᠭᠳᠠᠭᠰᠠᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠤᠨ ᠥᠭᠭᠥᠭᠳᠡᠯ ᠲᠡᠢ ᠪᠠᠶᠢᠨ᠎ᠠ᠃ ᠵᠢᠱᠢᠶᠡᠯᠡᠬᠦ ᠳᠦ᠂ ᠮᠣᠩᠭᠣᠯ ᠤᠯᠤᠰ 2015 ᠣᠨ ᠳᠤ ᠨᠡᠶᠢᠲᠡ 57.9 ᠰᠠᠶ᠎ᠠ ᠾᠠ᠊ ᠲᠠᠯᠠᠪᠠᠢ (ᠨᠡᠶᠢᠲᠡ ᠨᠤᠲᠤᠭ ᠤᠨ 37.1 ᠬᠤᠪᠢ) ᠪᠦᠬᠦᠢ 2362 ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠲᠠᠢ (ᠠᠶᠢᠮᠠᠭ ᠤᠨ 919᠂ ᠰᠤᠮᠤ ᠶᠢᠨ 443) ᠪᠠᠶᠢᠭᠰᠠᠨ᠃ ᠭᠡᠲᠡᠯ᠎ᠡ ᠣᠷᠣᠨ ᠨᠤᠲᠤᠭ ᠤᠨ 978 ᠲᠤᠰᠬᠠᠢ ᠬᠠᠮᠠᠭᠠᠯᠠᠯᠲᠠ ᠲᠠᠢ ᠭᠠᠵᠠᠷ ᠤᠨ ᠡᠷᠬᠡ ᠵᠦᠢ ᠶᠢᠨ ᠪᠠᠶᠢᠳᠠᠯ ᠲᠣᠳᠣᠷᠬᠠᠢ ᠦᠭᠡᠢ᠂ 681 ᠲᠤᠰᠬᠠᠢ ᠬᠠᠮᠠᠭᠠᠯᠠᠯᠲᠠ ᠲᠠᠢ ᠭᠠᠵᠠᠷ ᠤᠨ ᠬᠢᠯᠢ ᠬᠢᠵᠠᠭᠠᠷ ᠲᠣᠳᠣᠷᠬᠠᠢ ᠦᠭᠡᠢ ᠪᠠᠶᠢᠯ᠎ᠠ᠃ ᠡᠳᠡᠭᠡᠷ ᠡᠴᠡ ᠰᠢᠯᠲᠠᠭᠠᠯᠠᠭᠠᠳ᠂ ᠬᠣᠶᠠᠷ ᠳᠠᠬᠢ ᠥᠭᠭᠥᠭᠳᠡᠯ ᠦᠨ ᠰᠠᠩ ᠨᠢ ᠪᠠᠲᠤᠯᠠᠭᠳᠠᠭᠰᠠᠨ ᠤᠴᠢᠷ ᠠᠴᠠ ᠮᠠᠷᠭᠤᠭᠠᠨ ᠦᠭᠡᠢ 17.7 ᠰᠠᠶ᠎ᠠ ᠾᠠ᠊ (ᠨᠡᠶᠢᠲᠡ ᠨᠤᠲᠤᠭ ᠤᠨ 11.36 ᠬᠤᠪᠢ) 1103 ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠢ ᠬᠠᠮᠤᠷᠳᠠᠭ᠃ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠤᠨ ᠲᠣᠮᠣᠬᠠᠨ ᠨᠤᠭᠤᠳ ᠨᠢ ᠪᠠᠶᠠᠨᠬᠣᠩᠭᠣᠷ ᠠᠶᠢᠮᠠᠭ ᠳᠠᠬᠢ ᠬᠠᠩᠭᠠᠢ ᠶᠢᠨ ᠪᠥᠰᠡ ᠲᠤᠰᠬᠠᠢ ᠬᠠᠮᠠᠭᠠᠯᠠᠯᠲᠠ ᠲᠠᠢ ᠭᠠᠵᠠᠷ (989126 ᠭᠠ); 《ᠥᠪᠦᠷᠬᠠᠩᠭᠠᠢ ᠠᠶᠢᠮᠠᠭ ᠤᠨ ᠤᠯᠤᠰ ᠤᠨ ᠬᠢᠯᠢ ᠳᠠᠭᠠᠭᠤᠬᠢ ᠡᠮᠦᠨᠡᠲᠦ ᠰᠤᠮᠤ ᠳᠤ ᠳᠠᠬᠢ》 ᠲᠤᠰᠬᠠᠢ ᠬᠠᠮᠠᠭᠠᠯᠠᠯᠲᠠ ᠲᠠᠢ ᠭᠠᠵᠠᠷ (863271 ᠭᠠ); ᠰᠦᠬᠡᠪᠠᠭᠠᠲᠤᠷ ᠠᠶᠢᠮᠠᠭ ᠳᠠᠬᠢ ᠵᠣᠲᠣᠯ ᠬᠠᠨ ᠠᠭᠤᠯᠠ ᠲᠤᠰᠬᠠᠢ ᠬᠠᠮᠠᠭᠠᠯᠠᠯᠲᠠ ᠲᠠᠢ ᠭᠠᠵᠠᠷ (530942 ᠭᠠ) ᠪᠣᠯᠤᠨ᠎ᠠ᠃ ᠵᠠᠷᠢᠮ ᠠᠶᠢᠮᠠᠭ ᠨᠤᠲᠤᠭ ᠳᠡᠪᠢᠰᠬᠡᠷ ᠦᠨ ᠢᠶᠡᠨ ᠶᠡᠬᠡᠬᠡᠨ ᠬᠡᠰᠡᠭ ᠢ ᠬᠠᠮᠤᠷᠤᠭᠰᠠᠨ ᠥᠷᠭᠡᠨ ᠠᠭᠤᠳᠠᠮ ᠨᠤᠲᠤᠭ ᠢ ᠲᠤᠰᠬᠠᠢ ᠬᠠᠮᠠᠭᠠᠯᠠᠯᠲᠠ ᠲᠠᠢ ᠭᠠᠵᠠᠷ ᠤᠨ ᠪᠦᠷᠢᠯᠳᠦᠬᠦᠨ ᠳᠦ ᠣᠷᠣᠭᠤᠯᠬᠤ ᠪᠠᠷ ᠰᠢᠢᠳᠪᠦᠷᠢᠯᠡᠭᠰᠡᠨ ᠪᠠᠶᠢᠨ᠎ᠠ᠃ 2017 ᠣᠨ ᠳᠤ ᠬᠠᠮᠤᠭ ᠤᠨ ᠲᠣᠮᠣᠬᠠᠨ ᠲᠠᠯᠠᠪᠠᠢ ᠶᠢ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠳᠤ ᠣᠷᠣᠭᠤᠯᠤᠭᠰᠠᠨ᠂ ᠲᠤᠰᠬᠠᠢ ᠬᠠᠮᠠᠭᠠᠯᠠᠯᠲᠠ ᠲᠠᠢ ᠭᠠᠵᠠᠷ ᠠᠶᠢᠮᠠᠭ ᠤᠨ ᠨᠤᠲᠤᠭ ᠳᠡᠪᠢᠰᠬᠡᠷ ᠦᠨ ᠨᠢ ᠶᠡᠬᠡᠬᠡᠨ ᠬᠡᠰᠡᠭ ᠢ ᠡᠵᠡᠯᠡᠳᠡᠭ ᠲᠠᠪᠤᠨ ᠠᠶᠢᠮᠠᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠨᠡᠶᠢᠯᠡᠪᠦᠷᠢ ᠲᠠᠯᠠᠪᠠᠢ 13 ᠰᠠᠶ᠎ᠠ ᠾᠠ᠊ (ᠬᠦᠰᠦᠨᠦᠭᠲᠦ 11.3) ᠪᠤᠶᠤ ᠤᠯᠤᠰ ᠤᠨ ᠨᠡᠶᠢᠲᠡ ᠨᠤᠲᠤᠭ ᠤᠨ 8.25 ᠬᠤᠪ ᠢ ᠡᠵᠡᠯᠡᠵᠦ ᠪᠠᠶᠢᠨ᠎ᠠ᠃ ᠪᠠᠢᠢᠭᠠᠯᠢ ᠣᠷᠴᠢᠨ ᠠᠶᠠᠯᠠᠯ ᠵᠢᠭᠤᠯᠴᠢᠯᠠᠯ ᠊ᠤᠨ ᠶᠠᠮᠤᠨ  ᠤ ᠮᠡᠳᠡᠭᠡᠯᠡᠯ ᠢᠶᠡᠷ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶᠡᠨ ᠳᠦ 2016 ᠣᠨ ᠳᠤ 1108 ᠲᠤᠰᠬᠠᠢ ᠬᠠᠮᠠᠭᠠᠯᠠᠯᠲᠠ ᠲᠠᠢ ᠭᠠᠵᠠᠷ (ᠲᠣᠳᠣᠷᠬᠠᠢ ᠦᠭᠡᠢ ᠶᠢ ᠨᠢ ᠬᠠᠰᠤᠭᠠᠳ)᠂ 18837459.75 ᠾᠠ᠊ (ᠤᠯᠤᠰ ᠤᠨ ᠨᠡᠶᠢᠲᠡ ᠨᠤᠲᠤᠭ ᠤᠨ 12.04 ᠬᠤᠪᠢ) ᠬᠠᠮᠤᠷᠤᠭᠳᠠᠵᠤ ᠪᠠᠶᠢᠴᠠᠢ᠃

ᠣᠷᠴᠢᠨ ᠊ᠤ ᠪᠥᠰᠡ

ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ ᠡᠮᠵᠢᠭᠰᠡᠨ ᠣᠷᠴᠢᠨ ᠤ ᠪᠦᠰᠡ ᠨᠦᠭᠦᠳ ᠢ ᠣᠷᠣᠨ ᠨᠤᠲᠤᠭ ᠤᠨ ᠵᠠᠬᠢᠷᠭ᠎ᠠ ᠲᠣᠭᠲᠠᠭᠠᠳᠠᠭ᠃ ᠣᠷᠴᠢᠨ ᠤ ᠪᠥᠰᠡ ᠨᠢ ᠲᠤᠰᠬᠠᠢ ᠬᠠᠮᠠᠭᠠᠯᠠᠯᠲᠠ ᠲᠠᠢ ᠭᠠᠵᠠᠷ ᠲᠤ ᠲᠤᠰᠤᠬᠤ ᠪᠣᠳᠠ ᠲᠠᠢ ᠪᠣᠯᠤᠨ ᠪᠣᠯᠵᠣᠰᠢ ᠦᠭᠡᠢ ᠰᠥᠷᠭᠦ ᠨᠥᠯᠥᠭᠡᠯᠡᠯ ᠢ ᠪᠠᠭᠠᠰᠭᠠᠬᠤ᠂ ᠠᠷᠢᠯᠭᠠᠬᠤ᠂ ᠤᠷᠢᠳᠴᠢᠯᠠᠨ ᠰᠡᠷᠭᠡᠶᠢᠯᠡᠬᠦ᠂ ᠲᠡᠭᠦᠨᠴᠢᠯᠡᠨ ᠪᠠᠶᠢᠭᠠᠯᠢ ᠬᠠᠮᠠᠭᠠᠯᠠᠬᠤ ᠦᠢᠯᠡ ᠠᠵᠢᠯᠯᠠᠭᠠᠨ ᠳᠤ ᠣᠯᠠᠨ ᠨᠡᠶᠢᠲᠡ ᠶᠢᠨ ᠣᠷᠣᠯᠴᠠᠭ᠎ᠠ ᠶᠢ ᠨᠡᠮᠡᠭᠳᠡᠭᠦᠯᠬᠦ᠂ ᠣᠷᠣᠨ ᠨᠤᠲᠤᠭ ᠤᠨ ᠬᠦᠮᠦᠨ ᠠᠮᠠ ᠶᠢᠨ ᠠᠮᠢᠵᠢᠷᠠᠭ᠎ᠠ ᠶᠢ ᠬᠠᠩᠭᠠᠬᠤ ᠡᠭᠦᠷᠭᠡ ᠲᠡᠢ᠃ ᠣᠷᠣᠨ ᠨᠤᠲᠤᠭ ᠤᠨ ᠵᠠᠰᠠᠭ ᠳᠠᠷᠤᠭ᠎ᠠ ᠨᠠᠷ ᠡᠳᠡᠭᠡᠷ ᠣᠷᠴᠢᠨ ᠤ ᠪᠥᠰᠡ ᠶᠢᠨ ᠬᠠᠮᠠᠭᠠᠯᠠᠯ ᠤᠨ ᠤᠳᠤᠷᠢᠳᠤᠯᠭ᠎ᠠ ᠶᠢᠨ ᠲᠥᠯᠥᠪᠯᠡᠭᠡ ᠪᠣᠯᠪᠠᠰᠤᠷᠠᠭᠤᠯᠬᠤ᠂ ᠬᠡᠷᠡᠭᠵᠢᠭᠦᠯᠬᠦ ᠠᠰᠠᠭᠤᠳᠠᠯ ᠢ ᠬᠠᠷᠢᠭᠤᠴᠠᠨ᠎ᠠ᠃ ᠡᠶᠢᠨᠬᠦᠦ ᠣᠷᠣᠨ ᠨᠤᠲᠤᠭ ᠠᠴᠠ ᠲᠣᠳᠣᠷᠬᠠᠶᠢᠯᠠᠵᠤ᠂ ᠤᠳᠤᠷᠢᠳᠴᠤ ᠵᠣᠬᠢᠴᠠᠭᠤᠯᠳᠠᠭ ᠣᠷᠴᠢᠨ ᠤ ᠪᠥᠰᠡ ᠨᠦᠭᠦᠳ ᠦᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠪᠡᠶ᠎ᠡ ᠳᠠᠭᠠᠭᠰᠠᠨ 《BZ》 ᠠᠩᠭᠢᠯᠠᠯ ᠭᠡᠵᠦ ᠦᠵᠡᠬᠦ ᠪᠣᠯᠤᠮᠵᠢ ᠲᠠᠢ᠃ ᠭᠡᠪᠡᠴᠦ ᠣᠷᠴᠢᠨ ᠤ ᠪᠥᠰᠡ ᠨᠦᠭᠦᠳ ᠠᠯᠪᠠᠨ ᠰᠲ᠋ᠠᠲ᠋ᠢᠰᠲ᠋ᠢᠻ᠂ ᠮᠡᠳᠡᠭᠡᠯᠡᠯ ᠦᠨ ᠰᠠᠩ ᠤᠨ ᠠᠩᠬᠠᠷᠤᠯ ᠤᠨ ᠭᠠᠳᠠᠨ᠎ᠠ ᠦᠯᠡᠳᠡᠳᠡᠭ ᠲᠤᠯᠠ ᠲᠡᠳᠡᠭᠡᠷ ᠦᠨ ᠲᠠᠯ᠎ᠠ ᠪᠠᠷ ᠪᠠᠷᠤᠭ ᠮᠡᠳᠡᠭᠡᠯᠡᠯ ᠦᠭᠡᠢ ᠪᠠᠶᠢᠨ᠎ᠠ᠃ ᠤᠯᠤᠰ ᠤᠨ ᠵᠠᠷᠢᠮ ᠲᠤᠰᠬᠠᠢ ᠬᠠᠮᠠᠭᠠᠯᠠᠯᠲᠠ ᠲᠠᠢ ᠭᠠᠵᠠᠷ ᠤᠨ (ᠵᠢᠱᠢᠶᠡᠯᠡᠪᠡᠯ ᠳᠣᠷᠣᠨᠠᠲᠤ ᠮᠣᠩᠭᠣᠯ᠂ ᠶᠡᠬᠡ ᠭᠣᠪᠢ ᠠ᠂ ᠪ᠂ ᠬᠠᠨ ᠬᠡᠨᠲᠡᠢ᠂ ᠬᠠᠰᠠᠭ ᠲᠤ ᠬᠠᠶᠢᠷᠬᠠᠨ ᠠᠭᠤᠯᠠ᠂ ᠮᠣᠩᠭᠣᠯ-ᠳᠠᠭᠤᠷ᠂ ᠨᠥᠮᠥᠷᠭᠡ᠂ ᠤᠪᠰᠤ ᠨᠠᠭᠤᠷ ᠤᠨ ᠰᠠᠪᠠ ᠭᠠᠵᠠᠷ ᠭᠡᠰᠡᠨ ᠳᠣᠯᠣᠭᠠᠨ ᠳᠠᠷᠬᠠᠨ ᠴᠠᠭᠠᠵᠠ ᠲᠠᠢ ᠭᠠᠵᠠᠷ; ᠠᠯᠲᠠᠢ ᠲᠠᠪᠤᠨ ᠪᠣᠭᠳᠠ᠂ ᠭᠣᠪᠢ ᠭᠤᠷᠪᠠᠨ ᠰᠠᠶᠢᠬᠠᠨ᠂ ᠭᠣᠷᠭᠢ-ᠲᠡᠷᠡᠯᠵᠢ᠂ ᠬᠤᠰᠤ ᠲᠠᠢ ᠨᠢᠷᠤᠭᠤ᠂ ᠬᠠᠷ᠎ᠠ ᠤᠰᠤ ᠨᠠᠭᠤᠷ ᠤᠨ ᠲᠠᠪᠤᠨ ᠪᠠᠶᠢᠭᠠᠯ ᠤᠨ ᠴᠣᠭᠴᠠᠯᠠᠪᠤᠷᠢ ᠳᠤ ᠭᠠᠵᠠᠷ) ᠣᠷᠴᠢᠨ ᠤ ᠪᠦᠰᠡ ᠶᠢ ᠪᠠᠢᠢᠭᠠᠯᠢ ᠣᠷᠴᠢᠨ ᠠᠶᠠᠯᠠᠯ ᠵᠢᠭᠤᠯᠴᠢᠯᠠᠯ ᠊ᠤᠨ ᠶᠠᠮᠤᠨ ᠠᠯᠪᠠᠨ ᠶᠣᠰᠣᠭᠠᠷ ᠪᠠᠲᠤᠯᠠᠭᠰᠠᠨ ᠪᠠᠶᠢᠨ᠎ᠠ᠃ ᠪᠦᠬᠦ ᠳᠠᠷᠬᠠᠨ ᠴᠠᠭᠠᠵᠠ ᠲᠠᠢ ᠭᠠᠵᠠᠷ ᠤᠨ ᠣᠷᠴᠢᠨ ᠤ ᠪᠥᠰᠡ ᠨᠡᠶᠢᠲᠡ ᠳᠦ ᠪᠡᠨ 15 ᠰᠠᠶ᠎ᠠ ᠾᠠ᠊ ᠪᠠᠶᠢᠨ᠎ᠠ᠃ ᠭᠡᠲᠡᠯ᠎ᠡ ᠡᠳᠡᠭᠡᠷ ᠣᠷᠴᠢᠨ ᠤ ᠪᠦᠰᠡ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ᠂ ᠪᠠᠶᠢᠭᠠᠯ ᠤᠨ ᠴᠣᠭᠴᠠᠯᠠᠪᠤᠷᠢ ᠳᠤ ᠭᠠᠵᠠᠷ ᠤᠳ ᠤᠨ ᠬᠢᠵᠠᠭᠠᠷᠯᠠᠯᠲᠠ ᠶᠢᠨ ᠪᠦᠰᠡ ᠨᠦᠭᠦᠳ ᠲᠡᠢ ᠶᠠᠮᠠᠷ ᠬᠡᠮᠵᠢᠶᠡᠨ ᠳᠦ ᠳᠠᠪᠬᠤᠴᠠᠵᠤ ᠪᠠᠶᠢᠭ᠎ᠠ ᠨᠢ ᠲᠣᠳᠣᠷᠬᠠᠢ ᠦᠭᠡᠢ᠃

ᠪᠠᠶᠢᠭᠠᠯᠢ ᠊ᠢᠢᠨ ᠳᠠᠭᠰᠢᠨ ᠭᠠᠵᠠᠷ ᠊ᠤᠳ

ᠳᠠᠭᠰᠢᠨ ᠭᠠᠵᠠᠷ ᠲᠤ ᠪᠠᠶᠢᠭᠠᠯ ᠤᠨ ᠠᠴᠢ ᠬᠣᠯᠪᠣᠭᠳᠠᠯ ᠲᠠᠢ (ᠠᠭᠤᠯᠠ᠂ ᠨᠠᠭᠤᠷ᠂ ᠲᠥᠭᠡᠯ ᠭᠡᠬᠦ ᠮᠡᠲᠦ)᠂ ᠰᠤᠶᠤᠯ ᠤᠨ ᠠᠴᠢ ᠬᠣᠯᠪᠣᠭᠳᠠᠯ ᠲᠠᠢ (ᠰᠦᠮ᠎ᠡ᠂ ᠪᠤᠭᠤᠨ ᠴᠢᠯᠠᠭᠤ᠂ ᠬᠠᠳᠠᠨ ᠤ ᠵᠢᠷᠤᠭ ᠪᠦᠬᠦᠢ ᠭᠠᠵᠠᠷ᠂ ᠡᠷᠲᠡᠨ ᠦ ᠪᠤᠯᠠᠰᠢ᠂ ᠬᠢᠷᠭᠢᠰᠬᠡᠭᠦᠷ ᠪᠦᠬᠦᠢ ᠭᠠᠵᠠᠷ ᠭᠡᠬᠦ ᠮᠡᠲᠦ) ᠭᠠᠵᠠᠷ ᠤᠳ ᠪᠠᠭᠠᠳᠤᠨ᠎ᠠ᠃ 2009 ᠣᠨ ᠭᠡᠬᠦ ᠳᠦ 21 ᠠᠶᠢᠮᠠᠭ᠂ ᠨᠡᠶᠢᠰᠯᠡᠯ ᠳᠦ 47 ᠪᠠᠶᠢᠭᠠᠯ ᠤᠨ ᠳᠠᠭᠰᠢᠨ ᠭᠠᠵᠠᠷ ᠪᠠᠶᠢᠭᠰᠠᠨ ᠤ ᠭᠤᠷᠪᠠ ᠨᠢ ᠶᠡᠷᠦᠩᠬᠡᠶᠢᠯᠡᠭᠴᠢ ᠶᠢᠨ ᠵᠠᠷᠯᠢᠭ ᠢᠶᠠᠷ ᠦᠨᠳᠦᠰᠦᠨ ᠦ ᠲᠦᠪᠰᠢᠨ ᠳᠦ ᠲᠣᠳᠣᠷᠬᠠᠶᠢᠯᠠᠭᠳᠠᠭᠰᠠᠨ᠂ 34 ᠨᠢ ᠠᠶᠢᠮᠠᠭ᠂ ᠨᠡᠶᠢᠰᠯᠡᠯ ᠦᠨ ᠲᠦᠪᠰᠢᠨ ᠳᠦ᠂ 10 ᠨᠢ ᠵᠡᠷᠭᠡᠯᠡᠳᠡᠭᠡ ᠠᠶᠢᠮᠠᠭ ᠤᠳ ᠬᠠᠮᠲᠤᠷᠠᠨ ᠲᠣᠳᠣᠷᠬᠠᠶᠢᠯᠠᠭᠰᠠᠨ ᠪᠠᠶᠢᠨ᠎ᠠ᠃ ᠬᠠᠮᠤᠭ ᠤᠨ ᠣᠯᠠᠨ ᠳᠠᠭᠰᠢᠨ ᠭᠠᠵᠠᠷ ᠪᠦᠬᠦᠢ ᠬᠣᠶᠠᠷ ᠠᠶᠢᠮᠠᠭ ᠨᠢ ᠬᠥᠪᠰᠥᠭᠥᠯ᠂ ᠥᠪᠦᠷᠬᠠᠩᠭᠠᠢ ᠶᠤᠮ (ᠲᠤᠰ ᠪᠦᠷᠢ ᠳᠥᠷᠪᠡᠨ ᠳᠠᠭᠰᠢᠨ ᠭᠠᠵᠠᠷ ᠲᠠᠢ)᠃ ᠨᠡᠶᠢᠲᠡ ᠳᠦ ᠪᠡᠨ 16 ᠪᠠᠶᠢᠭᠠᠯ ᠤᠨ ᠳᠠᠭᠰᠢᠨ ᠭᠠᠵᠠᠷ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠰᠦᠯᠵᠢᠶᠡᠨ ᠦ ᠬᠠᠮᠠᠭᠠᠯᠠᠯᠲᠠ ᠲᠠᠢ ᠪᠦᠰᠡ ᠳᠦ᠂ ᠨᠠᠶᠢᠮᠠ ᠨᠢ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠲᠤ ᠣᠷᠣᠰᠢᠵᠤ ᠪᠠᠶᠢᠨ᠎ᠠ᠃ ᠳᠠᠭᠰᠢᠨ ᠭᠠᠵᠠᠷ ᠤᠳ ᠨᠢ ᠶᠡᠬᠡᠪᠴᠢᠯᠡᠨ ᠪᠠᠭ᠎ᠠ ᠪᠡᠰᠡᠷᠡᠭ ᠲᠠᠯᠠᠪᠠᠢ ᠲᠠᠢ᠂ ᠬᠢᠯᠢ ᠬᠢᠵᠠᠭᠠᠷ ᠢ ᠨᠢ ᠲᠡᠷᠡ ᠪᠦᠷ ᠠᠯᠪᠠᠨ ᠶᠣᠰᠣᠭᠠᠷ ᠲᠣᠭᠲᠠᠭᠠᠳᠠᠭ ᠦᠭᠡᠢ