|
ᠤᠮᠠᠷᠠᠳᠤ ᠠᠮᠧᠷᠢᠻᠠ ᠢᠢᠨ ᠦᠨ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠥᠨ ᠪᠡᠯᠭᠡᠳᠡᠯ
|
|
ᠤᠮᠠᠷᠠᠳᠤ ᠠᠮᠸᠷᠢᠺᠠ ᠢᠢᠨ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠠᠮᠧᠷᠢᠻᠡ ᠢᠢᠨ ᠨᠢᠭᠡᠳᠦᠭᠰᠡᠨ ᠤᠯᠤᠰ᠂ ᠺᠠᠨᠠᠳᠠ᠂ ᠮᠧᠻᠰᠢᠻᠤ ᠢᠢᠨ ᠪᠠᠷᠠᠭᠤᠨ ᠡᠷᠭᠢ ᠢᠢᠨ ᠬᠣᠭᠣᠷᠣᠨᠳᠣ 1992 ᠣᠨ ᠠᠴᠠ ᠬᠣᠢᠢᠰᠢ ᠦᠷᠭᠦᠯᠵᠢᠯᠡᠵᠦ᠂ 1994.1.1 ᠠᠯᠪᠠᠨ ᠶᠣᠰᠣᠭᠠᠷ ᠪᠠᠢᠢᠭᠤᠯᠤᠭᠳᠠᠵᠤ᠂ ᠭᠤᠷᠪᠠᠨ ᠣᠷᠣᠨ ᠤ ᠬᠣᠭᠣᠷᠣᠨᠳᠣ ᠭᠠᠢᠢᠯᠢ ᠶᠢᠨ ᠲᠠᠷᠢᠹ ᠢ ᠠᠷᠢᠯᠭᠠᠪᠠ᠃ ᠡᠨᠡ ᠬᠡᠯᠡᠯᠴᠡᠭᠡᠷ ᠢᠢᠡᠷ ᠪᠠᠢᠢᠭᠤᠯᠤᠭᠳᠠᠭᠰᠠᠨ ᠴᠢᠯᠦᠭᠡᠲᠦ ᠬᠤᠳᠠᠯᠳᠤᠭᠠᠨ ᠤ ᠪᠥᠰᠡ (NAFTA) ᠨᠢ ᠡᠸᠦ᠋ᠷᠦᠫᠡ ᠢᠢᠨ ᠬᠣᠯᠪᠤᠭ᠎ᠠ ᠲᠠᠢ ᠬᠠᠷᠢᠴᠠᠭᠤᠯᠪᠠᠯ ᠲᠡᠰ ᠥᠭᠡᠷ᠎ᠡ ᠵᠣᠷᠢᠯᠭ᠎ᠠ᠂ ᠵᠠᠷᠴᠢᠮ ᠳᠤ ᠰᠠᠭᠤᠷᠢᠯᠠᠭᠰᠠᠨ ᠶᠤᠮ᠃ ᠡᠨᠡ ᠪᠥᠰᠡ ᠳᠦ ᠪᠠᠭᠲᠠᠭᠰᠠᠨ ᠭᠤᠷᠪᠠᠨ ᠣᠷᠣᠨ ᠡᠳ᠋ ᠦᠨ ᠵᠠᠰᠠᠭ ᠤᠨ ᠬᠦᠴᠦ ᠴᠢᠳᠠᠯ ᠤᠨ ᠬᠤᠪᠢ ᠳᠤ ᠮᠠᠰᠢ ᠲᠣᠮᠣ ᠢᠯᠭᠠᠭᠠᠲᠠᠢ ᠶᠢᠨ ᠳᠡᠭᠡᠷ᠎ᠡ ᠤᠯᠤᠰ ᠲᠥᠷᠥ ᠶᠢᠨ ᠪᠣᠳᠣᠯᠭ᠎ᠠ ᠶᠢᠨ ᠬᠤᠪᠢ ᠳᠤ ᠣᠭᠲᠣ ᠡᠰᠡᠷᠭᠦ ᠲᠡᠰᠡᠷᠭᠦ ᠪᠠᠢᠢᠷᠢ ᠰᠠᠭᠤᠷᠢ ᠲᠠᠢ ᠪᠠᠢᠢᠪᠠ᠃ ᠠᠮᠧᠷᠢᠺᠠ ᠢᠢᠨ ᠨᠢᠭᠡᠳᠦᠭᠰᠡᠨ ᠤᠯᠤᠰ ᠥᠪᠡᠷ ᠦᠨ ᠠᠰᠢᠭ ᠰᠣᠨᠢᠷᠬᠠᠯ ᠳᠤ ᠪᠤᠰᠤᠳ ᠣᠷᠣᠨ ᠢ ᠨᠡᠢᠢᠴᠡᠭᠦᠯᠦᠨ ᠵᠠᠩᠵᠤᠯᠠᠬᠤ ᠶᠢ ᠬᠦᠰᠡᠳᠡᠭ᠂ ᠴᠡᠷᠢᠭ ᠵᠡᠪᠰᠡᠭ ᠦᠨ ᠬᠤᠪᠢ ᠳᠤ ᠠᠰᠤᠷᠤ ᠶᠡᠬᠡ ᠪᠣᠯᠤᠮᠵᠢᠲᠠᠢ ᠳᠡᠯᠡᠬᠡᠢ ᠶᠢᠨ ᠬᠡᠲᠦ ᠲᠣᠮᠣ ᠭᠦᠷᠦᠨ᠂ ᠬᠠᠷᠢᠨ ᠻᠠᠨᠠᠳᠠ᠂ ᠮᠧᠺᠰᠢᠺᠤ ᠬᠣᠶᠠᠷ ᠤᠯᠤᠰ ᠴᠡᠷᠢᠭ ᠳᠠᠢᠢᠨ ᠤ ᠬᠢᠵᠠᠭᠠᠷᠯᠠᠭᠳᠠᠮᠠᠯ ᠪᠣᠯᠤᠮᠵᠢ ᠲᠠᠢ᠂ ᠳᠤᠮᠳᠠ ᠵᠡᠷᠭᠡ ᠶᠢᠨ ᠬᠦᠴᠦ ᠴᠢᠳᠠᠯ ᠲᠠᠢ ᠣᠷᠣᠨ ᠪᠣᠯᠪᠠᠴᠤ ᠠᠮᠧᠷᠢᠺᠠ ᠢᠢᠨ ᠨᠢᠭᠡᠳᠦᠭᠰᠡᠨ ᠤᠯᠤᠰ ᠲᠠᠢ ᠠᠰᠤᠷᠤ ᠤᠷᠲᠤ ᠬᠢᠯᠢ ᠪᠡᠷ ᠬᠣᠯᠪᠣᠭᠳᠠᠵᠤ ᠪᠠᠢᠢᠳᠠᠭ᠃ ᠭᠡᠲᠡᠯ᠎ᠡ ᠭᠠᠢᠢᠯᠢ ᠶᠢᠨ ᠲᠠᠷᠢᠹ ᠦᠭᠡᠢ ᠪᠣᠯᠤᠮᠠᠭᠴᠠ ᠡᠳᠡᠭᠡᠷ ᠣᠷᠣᠨ ᠤ ᠬᠣᠭᠣᠷᠣᠨᠳᠣ ᠬᠤᠳᠠᠯᠳᠤᠭᠠᠨ ᠤ ᠮᠠᠰᠢ ᠣᠯᠠᠨ ᠮᠠᠷᠭᠤᠭᠠᠨ ᠳᠡᠭᠳᠡᠭᠰᠡᠨ ᠤᠴᠢᠷ ᠲᠡᠭᠦᠨ ᠢ ᠰᠢᠢᠳᠪᠦᠷᠢᠯᠡᠬᠦ ᠮᠧᠬᠠᠨᠢᠰᠮ ᠨᠡᠩ ᠴᠢᠬᠤᠯᠠ ᠪᠣᠯᠤᠭᠰᠠᠨ ᠪᠠᠢᠢᠨ᠎ᠠ᠃ ᠡᠭᠦᠨ ᠦ ᠤᠴᠢᠷ NAFTA ᠴᠡᠪᠡᠷ ᠵᠠᠰᠠᠭ ᠤᠨ ᠭᠠᠵᠠᠷ ᠬᠣᠭᠣᠷᠣᠨᠳᠣ ᠶᠢᠨ ᠪᠠᠶᠢᠭᠤᠯᠤᠯᠭ᠎ᠠ ᠪᠣᠯᠵᠤ ᠬᠤᠪᠢᠷᠠᠭᠰᠠᠨ ᠪᠢᠯᠡ᠃ ᠭᠡᠯᠡ ᠴᠤ᠂ ᠬᠤᠳᠠᠯᠳᠤᠭ᠎ᠠ ᠶᠢ ᠵᠣᠬᠢᠴᠠᠭᠤᠯᠬᠤ ᠣᠯᠠᠨ ᠤᠯᠤᠰ ᠤᠨ ᠪᠠᠢᠢᠭᠤᠯᠤᠯᠭ᠎ᠠ ᠪᠠᠢᠢᠭᠰᠠᠭᠠᠷ ᠠᠲᠠᠯ᠎ᠠ ᠤᠭ ᠬᠡᠯᠡᠯᠴᠡᠭᠡᠷ ᠲᠦ ᠳᠡᠯᠡᠬᠡᠢ ᠶᠢᠨ ᠬᠡᠲᠦ ᠶᠡᠬᠡ ᠭᠦᠷᠦᠨ ᠣᠷᠣᠯᠴᠠᠵᠤ ᠪᠠᠢᠢᠭ᠎ᠠ ᠶᠢᠨ ᠤᠯᠠᠮ ᠠᠴᠠ ᠮᠠᠰᠢ ᠶᠡᠬᠡ ᠪᠦᠲᠦᠴᠡᠵᠢᠭᠦᠯᠦᠭᠰᠡᠨ ᠰᠢᠢᠳᠪᠦᠷᠢ ᠭᠠᠷᠭᠠᠬᠤ ᠳᠢᠭᠯᠢᠮ ᠲᠣᠭᠲᠠᠭᠠᠬᠤ ᠱᠠᠭᠠᠷᠳᠠᠯᠭ᠎ᠠ ᠭᠠᠷᠤᠭᠰᠠᠨ ᠶᠤᠮ᠃ ᠭᠡᠬᠦ ᠳ᠋ᠡᠭᠡᠨ ᠶᠠᠭᠠᠬᠢᠭᠠᠳ NAFTA ᠵᠢ ᠪᠠᠢᠭᠤᠯᠤᠭᠰᠠᠨ ᠶᠤᠮ ᠪᠤᠢ︖ ᠶᠠᠭᠤᠨ ᠤ ᠡᠮᠦᠨ᠎ᠡ ᠮᠧᠺᠰᠢᠺᠤ᠂ ᠻᠠᠨᠠᠳᠠ ᠬᠣᠶᠠᠷ ᠤᠯᠤᠰ ᠠᠮᠧᠷᠢᠺᠠ ᠢᠢᠨ ᠨᠢᠭᠡᠳᠦᠭᠰᠡᠨ ᠤᠯᠤᠰ ᠲᠠᠢ ᠤᠯᠠᠮ ᠣᠢᠢᠷ᠎ᠠ ᠬᠠᠷᠢᠯᠴᠠᠬᠤ ᠲᠤᠰᠤᠮ ᠲᠡᠭᠦᠨ ᠦ ᠤᠯᠤᠰ ᠲᠥᠷᠥ ᠶᠢᠨ ᠬᠢᠭᠡᠳ ᠰᠤᠶᠤᠯ ᠤᠨ ᠨᠥᠯᠥᠭᠡ ᠠᠰᠤᠷᠤ ᠶᠡᠬᠡ ᠨᠡᠮᠡᠭᠳᠡᠵᠦ ᠪᠠᠢᠢᠭ᠎ᠠ ᠶᠢ ᠣᠯᠵᠤ ᠬᠠᠷᠠᠭᠰᠠᠨ ᠪᠠᠢᠢᠨ᠎ᠠ᠃ ᠲᠡᠭᠦᠨ ᠦ ᠵᠡᠷᠭᠡᠴᠡᠭᠡ ᠠᠮᠧᠷᠢᠺᠠ ᠢᠢᠨ ᠨᠢᠭᠡᠳᠦᠭᠰᠡᠨ ᠤᠯᠤᠰ ᠤᠨ ᠬᠤᠳᠠᠯᠳᠤᠭ᠎ᠠ ᠪᠠᠨ ᠬᠠᠮᠠᠭᠠᠯᠠᠬᠤ ᠪᠣᠳᠣᠯᠭ᠎ᠠ ᠶᠢ ᠡᠰᠡᠷᠭᠦᠴᠡᠬᠦ ᠶᠢᠨ ᠲᠤᠯᠠ ᠬᠤᠳᠠᠯᠳᠤᠭᠠᠨ ᠤ ᠳᠦᠷᠢᠮ ᠵᠢᠷᠤᠮ ᠲᠣᠭᠲᠠᠭᠠᠬᠤ ᠨᠢ ᠠᠰᠢᠭᠲᠠᠢ ᠪᠠᠢᠢᠵᠤ ᠪᠣᠯᠤᠨ᠎ᠠ ᠭᠡᠬᠦ ᠨᠠᠢᠢᠳᠠᠯᠭ᠎ᠠ ᠲᠥᠷᠥᠭᠦᠯᠪᠡ᠃ ᠲᠡᠭᠡᠭᠡᠳ ᠬᠣᠶᠠᠷ ᠣᠷᠣᠨ ᠤ ᠬᠣᠭᠣᠷᠣᠨᠳᠣ ᠡᠳ᠋ ᠦᠨ ᠵᠠᠰᠠᠭ ᠤᠨ᠂ ᠵᠠᠰᠠᠭᠯᠠᠯ ᠤᠨ ᠶᠠᠮᠠᠷ ᠨᠢᠭᠡ ᠬᠡᠯᠪᠡᠷᠢ ᠪᠤᠢ ᠪᠣᠯᠭᠠᠬᠤ ᠵᠠᠮ ᠢᠢᠠᠷ ᠤᠯᠤᠰ ᠲᠥᠷᠥ ᠶᠢᠨ ᠨᠠᠢᠢᠳᠠᠪᠤᠷᠢ ᠪᠠᠨ ᠳᠡᠮᠵᠢᠵᠦ ᠪᠣᠯᠤᠨ᠎ᠠ ᠭᠡᠵᠦ ᠦᠵᠡᠵᠡᠢ᠃ ᠬᠠᠷᠢᠨ ᠠᠮᠧᠷᠢᠺᠠ ᠢᠢᠨ ᠨᠢᠭᠡᠳᠦᠭᠰᠡᠨ ᠤᠯᠤᠰ ᠢ ᠲᠤᠰ ᠭᠡᠷ᠎ᠡ ᠳᠦ ᠨᠢᠭᠡᠳᠦᠨ ᠣᠷᠣᠬᠤ ᠳᠤ ᠨᠢ ᠶᠠᠭᠤ ᠰᠡᠳᠡᠯᠵᠢᠭᠦᠯᠦᠭᠰᠡᠨ ᠪᠤᠢ︖ ᠭᠡᠳᠡᠭ ᠠᠰᠠᠭᠤᠯᠲᠠ ᠭᠠᠷᠤᠨ᠎ᠠ ᠪᠢᠵᠡ᠃ ᠬᠡᠲᠦ ᠶᠡᠬᠡ ᠭᠦᠷᠦᠨ ᠦ ᠬᠤᠪᠢ ᠳᠤ ᠲᠣᠭᠯᠠᠭᠠᠮ ᠤᠨ ᠳᠦᠷᠢᠮ ᠢ ᠢᠮᠠᠭᠲᠠ ᠥᠪᠡᠷ ᠦᠨ ᠲᠠᠯ᠎ᠠ ᠳᠤ ᠨᠠᠭᠠᠰᠢᠲᠠᠢ ᠪᠠᠷ ᠲᠣᠭᠲᠠᠭᠠᠵᠤ ᠴᠢᠳᠠᠨ᠎ᠠ ᠭᠡᠵᠦ ᠨᠠᠢᠢᠳᠠᠭᠰᠠᠨ ᠪᠠᠢᠢᠨ᠎ᠠ᠃ ᠲᠡᠭᠡᠭᠡᠳ ᠴᠤ ᠶᠡᠷᠦᠩᠬᠡᠢᠢᠯᠡᠭᠴᠢ ᠷᠧᠢᠢᠭᠠᠨ ᠤ ᠦᠶ᠎ᠡ ᠡᠴᠡ ᠪᠥᠰᠡ ᠨᠤᠲᠤᠭ ᠤᠨ ᠴᠢᠯᠦᠭᠡᠲᠦ ᠬᠤᠳᠠᠯᠳᠤᠭᠠᠨ ᠤ ᠭᠡᠷ᠎ᠡ ᠳᠦ ᠠᠩᠬᠠᠷᠤᠯ ᠢᠢᠠᠨ ᠬᠠᠨᠳᠤᠭᠤᠯᠬᠤ ᠪᠣᠯᠤᠭᠰᠠᠨ ᠤ ᠣᠷᠭᠢᠯ ᠦᠶ᠎ᠡ ᠡᠭᠦᠨ ᠲᠡᠢ ᠳᠠᠪᠬᠤᠴᠠᠭᠰᠠᠨ ᠶᠤᠮ᠃ NAFTA ᠵᠠᠷᠢᠮ ᠲᠠᠯ᠎ᠠ ᠪᠠᠷ ᠦᠷ᠎ᠡ ᠳ᠋ᠦᠩ ᠳᠦ ᠬᠦᠷᠦᠭᠰᠡᠨ ᠪᠥᠭᠡᠳ ᠺᠠᠨᠠᠳᠠ ᠮᠸᠺᠰᠢᠺᠤ ᠢᠢᠨ ᠬᠤᠳᠠᠯᠳᠤᠭᠠᠨ ᠤ ᠡᠷᠭᠢᠯᠲᠡ ᠬᠡᠳᠦ ᠳᠠᠬᠢᠨ ᠨᠡᠮᠡᠭᠳᠡᠭᠰᠡᠨ ᠴᠤ ᠲᠡᠳᠡ ᠠᠮᠧᠷᠢᠻᠡ ᠢᠢᠨ ᠨᠢᠭᠡᠳᠦᠭᠰᠡᠨ ᠤᠯᠤᠰ ᠢ ᠪᠣᠳᠣᠪᠠᠯ ᠬᠡᠮᠵᠢᠶ᠎ᠡ ᠪᠡᠷ ᠢᠢᠠᠨ ᠪᠠᠭ᠎ᠠ ᠬᠡᠪ ᠢᠢᠠᠷ ᠦᠯᠡᠳᠡᠭᠰᠡᠨ ᠪᠣᠯ ᠡᠨᠡ ᠬᠣᠶᠠᠷ ᠤᠯᠤᠰ ᠤᠨ ᠶᠡᠬᠡᠩᠬᠢ ᠦᠢᠯᠡᠳᠪᠦᠷᠢ ᠠᠮᠧᠷᠢᠻᠡ ᠢᠢᠨ ᠨᠢᠭᠡᠳᠦᠭᠰᠡᠨ ᠤᠯᠤᠰ ᠲᠤ ᠪᠠᠢᠢᠷᠢᠰᠢᠬᠤ ᠪᠣᠯᠤᠭᠰᠠᠨ ᠢᠢᠠᠷ ᠵᠥᠪᠬᠡᠨ ᠲᠡᠳᠡᠨ ᠦ ᠰᠠᠯᠪᠤᠷᠢ ᠨᠤᠭᠤᠳ ᠲᠤᠰ ᠤᠯᠤᠰ ᠤᠳ ᠲᠤ ᠠᠵᠢᠯᠯᠠᠳᠠᠭ ᠪᠣᠯᠵᠠᠢ᠃ ᠡᠭᠦᠨ ᠦ ᠵᠡᠷᠭᠡᠴᠡᠭᠡ ᠲᠤᠰ ᠤᠯᠤᠰ ᠤᠳ ᠲᠤ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢ ᠤᠯᠤᠰ ᠤᠨ ᠥᠮᠴᠢ ᠪᠣᠯᠭᠠᠬᠤ ᠶᠢ ᠬᠣᠷᠢᠭᠯᠠᠵᠤ᠂ ᠦᠨᠳᠦᠰᠦᠲᠡᠨ ᠳᠠᠮᠨᠠᠭᠰᠠᠨ ᠻᠣᠷᠫᠣᠷᠠᠼᠢ ᠨᠤᠭᠤᠳ ᠮᠠᠷᠭᠤᠭᠠᠨ ᠢᠢᠠᠨ ᠰᠢᠭᠦᠬᠦ ᠪᠡᠷ ᠰᠢᠢᠳᠪᠦᠷᠢᠯᠡᠭᠦᠯᠬᠦ ᠳᠡᠭᠡᠨ ᠦᠨᠳᠦᠰᠦᠨ ᠦ ᠰᠢᠭᠦᠬᠦ ᠶᠢ ᠠᠯᠭᠠᠰᠠᠵᠤ ᠣᠯᠠᠨ ᠤᠯᠤᠰ ᠤᠨ ᠰᠢᠭᠦᠬᠦ ᠪᠡᠷ ᠰᠢᠢᠳᠪᠦᠷᠢᠯᠡᠭᠦᠯᠳᠡᠭ᠌ ᠪᠣᠯᠪᠠ᠃ ᠲᠧᠷᠷᠣᠷᠢᠰᠲ ᠤᠳ 2001 ᠣᠨ ᠳᠤ ᠨᠢᠦ᠋ ᠶᠤᠷᠺ ᠲᠦ ᠬᠠᠯᠳᠠᠭᠰᠠᠨ ᠠᠴᠠ ᠬᠣᠢᠢᠰᠢ ᠲᠤᠰ ᠤᠯᠤᠰ ᠤᠳ ᠤᠨ ᠢᠷᠭᠡᠳ ᠠᠮᠧᠷᠢᠻᠡ ᠢᠢᠨ ᠨᠢᠭᠡᠳᠦᠭᠰᠡᠨ ᠤᠯᠤᠰ ᠤᠨ ᠬᠢᠯᠢ ᠳᠠᠪᠠᠬᠤ ᠳᠤ ᠶᠡᠬᠡᠬᠡᠨ ᠪᠡᠷᠬᠡᠰᠢᠶᠡᠯ ᠡᠭᠦᠰᠪᠡ᠃ ᠣᠳᠣ ᠤᠯᠠᠮ ᠬᠤᠷᠴᠠᠳᠠᠬᠤ ᠰᠢᠨᠵᠢᠲᠵᠢ ᠪᠣᠯᠵᠤ ᠠᠮᠧᠷᠢᠻᠡ ᠢᠢᠨ ᠨᠢᠭᠡᠳᠦᠭᠰᠡᠨ ᠤᠯᠤᠰ ᠮᠧᠺᠰᠢᠻᠤ ᠢᠢᠨ ᠬᠢᠯᠢ ᠳᠠᠭᠠᠤ ᠬᠠᠨ᠎ᠠ ᠪᠣᠰᠬᠠᠵᠤ᠂ ᠲᠤᠰ ᠭᠡᠷ᠎ᠡ ᠡᠴᠡ ᠭᠠᠷᠬᠤ ᠲᠤᠬᠠᠢ ᠶᠠᠷᠢᠵᠤ ᠪᠠᠢᠢᠨ᠎ᠠ᠃