Jump to content

"ᠡᠭᠦᠯᠡ"-ны өөр хувилбарууд

Link
(Spelling)
(Link)
114-р мөр: 114-р мөр:
ᠰᠢᠯᠢᠳᠡᠭ ᠲᠧᠻᠨᠣᠯᠣᠭᠢ ᠢᠢ ᠡᠷᠲᠡ ᠠᠰᠢᠭᠯᠠᠬᠤ᠄  
ᠰᠢᠯᠢᠳᠡᠭ ᠲᠧᠻᠨᠣᠯᠣᠭᠢ ᠢᠢ ᠡᠷᠲᠡ ᠠᠰᠢᠭᠯᠠᠬᠤ᠄  


ᠡᠭᠦᠯᠡᠨ ᠦᠢᠯᠡᠴᠢᠯᠡᠭᠡ ᠦᠵᠡᠭᠦᠯᠦᠭᠴᠢᠳ ᠬᠡᠷᠡᠭᠯᠡᠭᠴᠢ ‍ᠳᠦ ᠪᠡᠨ ᠬᠠᠮᠤᠭ ᠤᠨ ᠰᠡᠭᠦᠯ ᠦᠨ ᠦᠶ᠎ᠡ ᠶᠢᠨ ᠲᠧᠻᠨᠣᠯᠣᠭᠢ ᠪᠠᠷ ᠬᠠᠩᠭᠠᠬᠤ ᠶᠢᠨ ᠲᠥᠯᠥᠭᠡ ᠥᠷᠢᠰᠦᠯᠳᠦᠳᠡᠭ ᠲᠤᠯᠠ ᠬᠡᠷᠡᠭᠯᠡᠭᠴᠢᠳ ᠲᠡᠳᠡᠭᠡᠷ ᠲᠧᠻᠨᠣᠯᠣᠭᠢ ᠶᠢ ᠥᠪᠡᠷ ᠦᠨ ᠪᠠᠶ᠋ᠢᠷᠢᠨ ᠳᠤ ᠬᠡᠷᠡᠭᠵᠢᠭᠦᠯᠬᠦ ᠡᠴᠡ ᠬᠠᠪᠢ ᠦᠭᠡᠢ ᠡᠷᠲᠡ (ᠮᠥᠨ ᠬᠠᠪᠢ ᠦᠭᠡᠢ ᠪᠠᠭ᠎ᠠ ᠵᠠᠷᠤᠳᠠᠯ ᠢᠢᠠᠷ) ᠠᠰᠢᠭᠯᠠᠬᠤ ᠪᠣᠯᠤᠮᠵᠢ ᠲᠠᠢ᠃<ref>IaaS vs. PaaS vs. SaaS. IBM Cloud Education 2021/09/02 <nowiki>https://www.ibm.com/cloud/learn/iaas-paas-saas</nowiki></ref>
ᠡᠭᠦᠯᠡᠨ ᠦᠢᠯᠡᠴᠢᠯᠡᠭᠡ ᠦᠵᠡᠭᠦᠯᠦᠭᠴᠢᠳ ᠬᠡᠷᠡᠭᠯᠡᠭᠴᠢ ‍ᠳᠦ ᠪᠡᠨ ᠬᠠᠮᠤᠭ ᠤᠨ ᠰᠡᠭᠦᠯ ᠦᠨ ᠦᠶ᠎ᠡ ᠶᠢᠨ ᠲᠧᠻᠨᠣᠯᠣᠭᠢ ᠪᠠᠷ ᠬᠠᠩᠭᠠᠬᠤ ᠶᠢᠨ ᠲᠥᠯᠥᠭᠡ ᠥᠷᠢᠰᠦᠯᠳᠦᠳᠡᠭ ᠲᠤᠯᠠ ᠬᠡᠷᠡᠭᠯᠡᠭᠴᠢᠳ ᠲᠡᠳᠡᠭᠡᠷ ᠲᠧᠻᠨᠣᠯᠣᠭᠢ ᠶᠢ ᠥᠪᠡᠷ ᠦᠨ ᠪᠠᠶ᠋ᠢᠷᠢᠨ ᠳᠤ ᠬᠡᠷᠡᠭᠵᠢᠭᠦᠯᠬᠦ ᠡᠴᠡ ᠬᠠᠪᠢ ᠦᠭᠡᠢ ᠡᠷᠲᠡ (ᠮᠥᠨ ᠬᠠᠪᠢ ᠦᠭᠡᠢ ᠪᠠᠭ᠎ᠠ ᠵᠠᠷᠤᠳᠠᠯ ᠢᠢᠠᠷ) ᠠᠰᠢᠭᠯᠠᠬᠤ ᠪᠣᠯᠤᠮᠵᠢ ᠲᠠᠢ᠃<ref name=":1">IaaS vs. PaaS vs. SaaS. IBM Cloud Education 2021/09/02 <nowiki>https://www.ibm.com/cloud/learn/iaas-paas-saas</nowiki></ref>
 
 
'''PaaS (᠋ᠫ᠊ᠯᠠᠲ᠋ᠹᠣᠷᠮ ᠦᠢᠯᠡᠴᠢᠯᠡᠭᠡ)'''
 
PaaS ᠨᠢ ᠫᠷᠣᠭ᠌ᠷᠠᠮ ᠬᠥᠭᠵᠢᠭᠦᠯᠬᠦ᠂ ᠠᠵᠢᠯᠯᠠᠭᠤᠯᠬᠤ᠂ ᠤᠳᠤᠷᠢᠳᠬᠤ ᠵᠣᠷᠢᠭᠤᠯᠤᠯᠲᠠ ᠲᠠᠢ ᠡᠭᠦᠯᠡᠨ ᠳᠦ ᠰᠠᠭᠤᠷᠢᠯᠠᠭᠰᠠᠨ ᠫ᠊ᠯᠠᠲ᠋ᠹᠣᠷᠮ ᠢᠢᠠᠷ ᠬᠠᠩᠭᠠᠳᠠᠭ᠃ ᠡᠭᠦᠯᠡᠨ ᠦᠢᠯᠡᠴᠢᠯᠡᠭᠡ ᠦᠵᠡᠭᠦᠯᠦᠭᠴᠢ ᠨᠢ ᠫ᠊ᠯᠠᠲ᠋ᠹᠣᠷᠮ ᠳᠤ ᠪᠠᠭᠲᠤᠭᠰᠠᠨ ᠪᠦᠬᠦ ᠲᠧᠻᠨᠢᠭ ᠬᠠᠩᠭᠠᠮᠵᠢ᠂ ᠫᠷᠣᠭ᠌ᠷᠠᠮ ᠬᠠᠩᠭᠠᠮᠵᠢ᠂ ᠲᠤᠬᠠᠶ᠋ᠢᠯᠠᠪᠠᠯ ᠰᠧᠷᠸᠧᠷ ᠦᠳ (ᠬᠥᠭᠵᠢᠭᠦᠯᠬᠦ᠂ ᠲᠤᠷᠰᠢᠬᠤ᠂ ᠠᠵᠢᠯᠯᠠᠭᠤᠯᠬᠤ ᠠᠵᠢᠯᠯᠠᠭᠠᠨ ᠳᠤ ᠵᠣᠷᠢᠭᠤᠯᠤᠭᠳᠠᠭᠰᠠᠨ)᠂ ᠦᠢᠯᠡᠳᠦᠯ ᠦᠨ ᠰᠢᠰᠲ᠋ᠧᠮ᠂ ᠬᠠᠳᠠᠭᠠᠯᠠᠮᠵᠢ᠂ ᠰᠦᠯᠵᠢᠶ᠎ᠡ᠂ ᠮᠡᠳᠡᠭᠡᠯᠡᠯ ᠦᠨ ᠰᠠᠩ᠂ ᠵᠠᠪᠰᠠᠷ ᠤᠨ ᠫᠷᠣᠭ᠌ᠷᠠᠮ ᠬᠠᠩᠭᠠᠮᠵᠢ᠂ ᠪᠦᠲᠦᠴᠡ᠂ ᠬᠥᠭᠵᠢᠭᠦᠯᠦᠯᠲᠡ ᠶᠢᠨ ᠬᠡᠷᠡᠭᠰᠡᠯ ᠦᠳ᠂ ᠮᠥᠨ ᠲᠡᠭᠦᠨᠴᠢᠯᠡᠨ ᠮᠡᠳᠡᠭᠡᠯᠡᠯ ᠦᠨ ᠠᠶᠤᠯ ᠦᠭᠡᠢ ᠪᠠᠶ᠋ᠢᠳᠠᠯ᠂ ᠫᠷᠣᠭ᠌ᠷᠠᠮ ᠬᠠᠩᠭᠠᠮᠵᠢ ᠶᠢᠨ ᠰᠢᠨᠡᠴᠢᠯᠡᠯ᠂ ᠨᠥᠭᠡᠴᠡᠯᠡᠯ (backups) ᠭᠡᠬᠦ ᠮᠡᠲᠦ ᠬᠣᠯᠪᠣᠭᠳᠠᠬᠤ ᠦᠢᠯᠡᠴᠢᠯᠡᠭᠡ ᠨᠦᠭᠦᠳ ᠢ ᠪᠠᠶ᠋ᠢᠷᠢᠰᠢᠭᠤᠯᠵᠤ᠂ ᠵᠣᠬᠢᠴᠠᠭᠤᠯᠵᠤ᠂ ᠵᠠᠰᠠᠪᠤᠷᠢ ᠠᠷᠠᠴᠢᠯᠠᠭ᠎ᠠ ᠶᠢ ᠬᠠᠷᠢᠭᠤᠴᠠᠳᠠᠭ᠃
 
ᠬᠡᠷᠡᠭᠯᠡᠭᠴᠢᠳ PaaS ᠍ ᠳᠦ ᠬᠡᠷᠡᠭᠯᠡᠭᠴᠢ ᠶᠢᠨ ᠭᠷᠠᠹᠢᠻ ᠢᠨ᠍ᠲ᠋ᠧᠷᠹᠧᠢᠢᠰ ‍ᠢᠢᠡᠷ (GUI) ᠬᠠᠨᠳᠤᠬᠤ ᠪᠠ ᠬᠥᠭᠵᠢᠭᠦᠯᠦᠯᠲᠡ ᠶᠢᠨ ᠪᠤᠶᠤ DevOps ᠪᠠᠭ ᠤᠳ ᠻᠣᠲᠴᠢᠯᠠᠯ<sup>coding</sup>᠂ ᠢᠨ᠍ᠲ᠋ᠧᠭᠷᠠᠼᠴᠢᠯᠠᠯ<sup>integration</sup>᠂ ᠲᠤᠷᠰᠢᠯᠲᠠ᠂ ᠲᠦᠭᠡᠭᠡᠯᠳᠡ᠂ ᠪᠠᠶ᠋ᠢᠷᠢᠰᠢᠭᠤᠯᠤᠯᠲᠠ᠂ ᠡᠷᠭᠢᠨ ᠮᠡᠳᠡᠭᠡᠯᠡᠯ ᠵᠡᠷᠭᠡ ᠫᠷᠣᠭ᠌ᠷᠠᠮ ᠤᠨ ᠮᠥᠴᠡᠯᠭᠡ ᠶᠢᠨ ᠲᠤᠷᠰᠢᠳᠠ ᠬᠠᠮᠲᠤᠷᠠᠨ ᠠᠵᠢᠯᠯᠠᠵᠤ ᠪᠣᠯᠤᠨ᠎ᠠ᠃
 
PaaS ᠰᠢᠢᠳᠦᠯ ᠦᠳ ᠦᠨ ᠵᠢᠱᠢᠶᠡᠨ ᠳᠦ AWS Elastic Beanstalk᠂ Google App Engine᠂ Microsoft Windows Azure᠂ IBM Cloud ᠳᠡᠭᠡᠷᠡᠬᠢ Red Hat OpenShift ᠪᠠᠭᠳᠠᠨ᠎ᠠ᠃
 
''PaaS ᠍ ᠶᠢᠨ ᠠᠰᠢᠭ ᠲᠤᠰᠠ''᠄
 
PaaS ᠬᠡᠷᠡᠭᠯᠡᠭᠴᠢᠳ ᠡᠭᠦᠯᠡᠨ ᠳ᠋ᠡᠬᠢ ᠫ᠊ᠯᠠᠲ᠋ᠹᠣᠷᠮ ᠳᠤ ᠲᠦᠰᠢᠭᠯᠡᠨ ᠫᠷᠣᠭ᠌ᠷᠠᠮ ᠤᠳ ᠪᠣᠯᠪᠠᠰᠤᠷᠠᠭᠤᠯᠵᠤ᠂ ᠲᠤᠷᠰᠢᠵᠤ᠂ ᠠᠵᠢᠯᠯᠠᠭᠤᠯᠬᠤ᠂ ᠰᠠᠶ᠋ᠢᠵᠢᠷᠠᠭᠤᠯᠵᠤ᠂ ᠲᠦᠭᠡᠭᠡᠨ ᠳᠡᠯᠭᠡᠷᠡᠭᠦᠯᠬᠦ ᠪᠣᠯᠤᠮᠵᠢ ᠲᠠᠢ᠃ ᠢᠩᠭᠢᠵᠦ ᠠᠵᠢᠯᠯᠠᠬᠤ ᠨᠢ ᠥᠪᠡᠷ ᠦᠨ ᠪᠠᠶ᠋ᠢᠷᠢᠨ ᠳᠤ ᠫ᠊ᠯᠠᠲ᠋ᠹᠣᠷᠮ ᠪᠠᠶ᠋ᠢᠭᠤᠯᠵᠤ᠂ ᠵᠣᠬᠢᠴᠠᠭᠤᠯᠬᠤ ᠠᠴᠠ ᠢᠯᠡᠭᠦᠦ ᠬᠤᠷᠳᠤᠨ ᠪᠥᠭᠡᠳ ᠬᠡᠮᠨᠡᠯᠲᠡ ᠲᠡᠢ ᠪᠠᠶ᠋ᠢᠳᠠᠭ᠃ ᠡᠨᠡ ᠨᠢ PaaS ‍ᠤᠨ ᠦᠨᠳᠦᠰᠦᠨ ᠳᠠᠪᠠᠭᠤ ᠲᠠᠯ᠎ᠠ ᠶᠤᠮ᠃
 
''ᠪᠤᠰᠤᠳ ᠳᠠᠪᠠᠭᠤ ᠲᠠᠯ᠎ᠠ ᠨᠤᠭᠤᠳ ᠨᠢ''᠄
 
ᠵᠠᠬ᠎ᠠ ᠵᠡᠭᠡᠯᠢ ᠳᠦ ᠭᠠᠷᠭᠠᠬᠤ ᠬᠤᠭᠤᠴᠠᠭ᠎ᠠ ᠶᠢ ᠲᠣᠪᠴᠢᠯᠠᠨ᠎ᠠ᠄ ᠬᠥᠭᠵᠢᠭᠦᠯᠦᠯᠲᠡ ᠶᠢᠨ ᠪᠠᠭ ᠤᠳ PaaS ‍ᠢ ᠠᠰᠢᠭᠯᠠᠨ ᠬᠡᠳᠦᠨ ᠳᠣᠯᠣᠭ᠎ᠠ ᠬᠣᠨᠣᠭ᠂ ᠰᠠᠷ᠎ᠠ ᠪᠠᠷ ᠪᠢᠰᠢ᠂ ᠬᠠᠷᠢᠨ ᠬᠡᠳᠦᠬᠡᠨ ᠮᠢᠨᠦ᠋ᠲ ᠲᠤ ᠬᠥᠭᠵᠢᠭᠦᠯᠦᠯᠲᠡ᠂ ᠲᠤᠷᠰᠢᠯᠲᠠ᠂ ᠪᠣᠷᠣᠯᠠᠭᠤᠯᠤᠯᠲᠠ ᠶᠢᠨ ᠮᠥᠴᠡᠯᠭᠡ ᠶᠢ ᠭᠦᠢᠴᠡᠭᠡᠬᠦ ᠪᠣᠯᠤᠮᠵᠢ ᠲᠠᠢ᠃
 
ᠰᠢᠨ᠎ᠡ ᠲᠧᠻᠨᠣᠯᠣᠭᠢ ᠶᠢ ᠡᠷᠦᠰᠳᠡᠯ ᠦᠭᠡᠢ ᠪᠤᠶᠤ ᠪᠠᠭ᠎ᠠ ᠡᠷᠦᠰᠳᠡᠯ ᠲᠡᠢ ᠲᠤᠷᠰᠢᠬᠤ᠂ ᠨᠡᠪᠲᠡᠷᠡᠭᠦᠯᠬᠦ᠄
 
PaaS ‍ᠤᠨ ᠫ᠊ᠯᠠᠲ᠋ᠹᠤᠷᠮ ᠤᠳ ᠬᠠᠮᠤᠭ ᠤᠨ ᠰᠡᠭᠦᠯ ᠦᠨ ᠦᠶ᠎ᠡ ᠶᠢᠨ ᠣᠯᠠᠨ ᠲᠥᠷᠥᠯ ᠦᠨ ᠨᠥᠭᠡᠴᠡ ᠳ᠋ᠦ ᠬᠠᠨᠳᠤᠬᠤ ᠪᠣᠯᠤᠮᠵᠢ ᠶᠢ ᠠᠭᠤᠯᠠᠳᠠᠭ᠃ ᠢᠩᠭᠢᠭᠰᠡᠨ ᠢᠢᠡᠷ ᠻᠣᠮᠫᠠᠨᠢ ᠨᠤᠭᠤᠳ ᠰᠢᠨ᠎ᠡ ᠦᠢᠯᠡᠳᠦᠯ ᠦᠨ ᠰᠢᠰᠲ᠋ᠧᠮ᠂ ᠬᠡᠯᠡ ᠪᠣᠯᠤᠨ ᠪᠤᠰᠤᠳ ᠬᠡᠷᠡᠭᠰᠡᠯ ᠢ ᠲᠤᠷᠰᠢᠬᠤ ᠳᠤ ᠪᠠᠨ ᠲᠡᠳᠡᠭᠡᠷ ᠲᠦ ᠪᠣᠯᠤᠨ ᠲᠡᠳᠡᠭᠡᠷ ᠢ ᠠᠵᠢᠯᠯᠠᠭᠤᠯᠬᠤ ᠳᠡᠳ᠋ ᠪᠦᠲᠦᠴᠡ ᠳᠦ ᠶᠡᠬᠡ ᠬᠡᠮᠵᠢᠶᠡᠨ ᠦ ᠬᠥᠷᠥᠩᠭᠡ ᠤᠷᠤᠭᠤᠯᠬᠤ ᠱᠠᠭᠠᠷᠳᠠᠯᠭ᠎ᠠ ᠦᠭᠡᠢ᠃
 
ᠬᠠᠮᠲᠤᠷᠠᠨ ᠠᠵᠢᠯᠯᠠᠬᠤ ᠳᠤ ᠬᠢᠯᠪᠠᠷ᠄
 
ᠡᠭᠦᠯᠡᠨ ᠳᠦ ᠰᠠᠭᠤᠷᠢᠯᠠᠭᠰᠠᠨ ᠦᠢᠯᠡᠴᠢᠯᠡᠭᠡᠨ ᠦ ᠬᠤᠪᠢ ᠳᠤ PaaS ᠨᠢ ᠫᠷᠣᠭ᠌ᠷᠠᠮ ᠬᠠᠩᠭᠠᠮᠵᠢ ᠬᠥᠭᠵᠢᠭᠦᠯᠬᠦ ᠳᠤᠮᠳᠠ ᠶᠢᠨ ᠣᠷᠴᠢᠨ ᠢ ᠪᠦᠷᠢᠳᠦᠭᠦᠯᠵᠦ᠂ ᠬᠥᠭᠵᠢᠭᠦᠯᠦᠯᠲᠡ ᠪᠣᠯᠤᠨ ᠦᠢᠯᠡ ᠠᠵᠢᠯᠯᠠᠭᠠᠨ ᠤ ᠪᠠᠭ ᠤᠳ ᠲᠤ ᠢᠨ᠍ᠲ᠋ᠧᠷᠨᠧᠲ ᠬᠣᠯᠪᠣᠯᠲᠠ ᠲᠠᠢ ᠬᠠᠮᠢᠭ᠎ᠠ ᠠᠴᠠ ᠴᠤ ᠬᠡᠷᠡᠭᠲᠡᠢ ᠪᠦᠬᠦ ᠬᠡᠷᠡᠭᠰᠡᠯ ᠳᠦ ᠪᠡᠨ ᠬᠠᠨᠳᠤᠬᠤ ᠪᠣᠯᠤᠮᠵᠢ ᠶᠢ ᠣᠯᠭᠤᠳᠠᠭ᠃
 
ᠥᠷᠭᠡᠵᠢᠮ᠎ᠡ ᠠᠷᠭᠠᠴᠢᠯᠠᠯ᠄
 
PaaS ᠠᠰᠢᠭᠯᠠᠭᠴᠢ ᠪᠠᠶ᠋ᠢᠭᠤᠯᠤᠯᠭ᠎ᠠ ᠨᠢ ᠬᠡᠷᠡᠭᠲᠡᠢ ᠦᠶ᠎ᠡ᠎ᠳ᠋ᠡᠭᠡᠨ ᠫᠷᠣᠭ᠌ᠷᠠᠮ ᠪᠦᠲᠦᠭᠡᠬᠦ᠂ ᠲᠤᠷᠰᠢᠬᠤ᠂ ᠠᠵᠢᠯᠯᠠᠭᠤᠯᠬᠤ ᠨᠡᠮᠡᠯᠲᠡ ᠬᠦᠴᠦᠨ ᠴᠢᠳᠠᠯ ᠢ ᠬᠤᠳᠠᠯᠳᠤᠨ ᠠᠪᠬᠤ ᠪᠣᠯᠤᠮᠵᠢ ᠲᠠᠢ᠃
 
ᠵᠠᠬᠢᠷᠭᠠᠨ ‍ᠤ ᠠᠴᠢᠶᠠᠯᠠᠯ ᠴᠣᠮᠬᠠᠨ᠄
 
 
PaaS ᠨᠢ ᠳᠡᠳ᠋ ᠪᠦᠲᠦᠴᠡ ᠶᠢ ᠤᠳᠤᠷᠢᠳᠤᠯᠬᠤ᠂ ᠵᠠᠰᠠᠪᠤᠷᠢᠯᠠᠬᠤ᠂ ᠰᠢᠨᠡᠳᠭᠡᠬᠦ ᠭᠡᠬᠦ ᠮᠡᠲᠦ ᠵᠠᠬᠢᠷᠭᠠᠨ ᠤ ᠪᠦᠬᠦ ᠠᠵᠢᠯ ᠢ ᠡᠭᠦᠯᠡᠨ ᠦᠢᠯᠡᠴᠢᠯᠡᠭᠡ ᠦᠵᠡᠭᠦᠯᠦᠭᠴᠢ ᠥᠪᠡᠷ ᠳᠦ ᠪᠡᠨ ᠠᠪᠳᠠᠭ᠃<ref name=":1" />
<br>
<br>
<br>
<br>
131-р мөр: 165-р мөр:


ᠦᠢᠯᠡ ᠶᠠᠪᠤᠳᠠᠯ ᠳᠤ ᠬᠥᠲᠦᠯᠦᠭᠳᠡᠭᠰᠡᠨ ᠠᠷᠻᠢᠲ᠋ᠧᠻᠲ᠋ᠦ᠋ᠷ - event-driven architecture - событийно-ориентированная архитектура
ᠦᠢᠯᠡ ᠶᠠᠪᠤᠳᠠᠯ ᠳᠤ ᠬᠥᠲᠦᠯᠦᠭᠳᠡᠭᠰᠡᠨ ᠠᠷᠻᠢᠲ᠋ᠧᠻᠲ᠋ᠦ᠋ᠷ - event-driven architecture - событийно-ориентированная архитектура
ᠦᠢᠯᠡᠳᠦᠯ ᠦᠨ ᠰᠢᠰᠲ᠋ᠧᠮ - operating system - операционная система


ᠨᠢᠭᠤᠷᠠᠨ ᠲᠠᠯ᠎ᠠ - front end - фронтенд
ᠨᠢᠭᠤᠷᠠᠨ ᠲᠠᠯ᠎ᠠ - front end - фронтенд
136

edits